ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠶ᠂ ᠡᠭᠦᠯᠳᠡᠷ ᠬᠠᠮᠠᠭᠠᠯᠠᠬᠤ ᠲᠠᠯᠠᠪᠠᠶ ᠪᠠ ᠡᠭᠦᠯᠳᠡᠷ ᠦᠶᠯᠡᠳᠬᠦ ᠲᠣᠮᠣ ᠰᠢᠶᠠᠨ ᠤ ᠨᠡᠷᠡᠰ ᠢ ᠮᠠᠭᠠᠳᠯᠠᠨ ᠲᠣᠭᠲᠠᠭᠠᠬᠤ ᠪᠠᠷ ᠪᠠᠶᠢᠭ᠎ᠠ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/12/2
      ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠡᠭᠦᠯᠳᠡᠷ ᠪᠤᠶᠢᠵᠢᠭᠤᠯᠤᠯᠳᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠨᠤᠲᠤᠭ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠪᠥᠬᠦ ᠣᠷᠣᠨ ᠤ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠵᠢᠭᠦᠷᠲᠡᠨ ᠤ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠶ᠂ ᠡᠭᠦᠯᠳᠡᠷ ᠬᠠᠮᠠᠭᠠᠯᠠᠬᠤ ᠲᠠᠯᠠᠪᠠᠶ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠡᠭᠦᠯᠳᠡᠷ ᠪᠣᠶᠢᠵᠢᠭᠤᠯᠬᠤ ᠨᠢᠭᠡ ᠪᠦᠯᠦᠭ ᠲᠣᠮᠣ ᠰᠢᠶᠠᠨ ᠢ ᠢᠯᠡ ᠪᠠᠷ ᠰᠢᠯᠢᠨ ᠰᠣᠩᠭᠤᠵᠤ ᠮᠠᠭᠠᠳᠯᠠᠨ ᠲᠤᠭᠳᠠᠭᠠᠬᠤ ᠪᠠᠷ ᠪᠤᠢ᠃ ᠬᠤᠰᠢᠭᠤ ᠰᠢᠶᠠᠨ ᠠᠴᠠ ᠪᠠᠲᠤᠯᠠᠨ ᠲᠠᠨᠢᠯᠴᠠᠭᠤᠯᠬᠤ᠂ ᠠᠶᠢᠮᠠᠭ ᠬᠤᠲᠠ ᠠᠴᠠ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠲᠣᠭᠲᠠᠭᠠᠬᠤ ᠪᠠᠷ ᠳᠡᠮᠵᠢᠨ᠂ ᠡᠳᠦᠭᠡ ᠮᠠᠭᠠᠳᠯᠠᠨ ᠲᠣᠭᠲᠠᠭᠠᠬᠤ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ 2 ᠲᠣᠮᠣ ᠰᠢᠶᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 24 ᠮᠠᠯ ᠵᠢᠭᠦᠷᠲᠡᠨ ᠤ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠶ ᠪᠠ ᠡᠭᠦᠯᠳᠡᠷ ᠬᠠᠮᠠᠭᠠᠯᠠᠬᠤ ᠲᠠᠯᠠᠪᠠᠶ ᠶᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ ᠨᠢ 12 ᠰᠠᠷ᠎ᠠ ᠶᠢᠨ 1 ᠤᠨ ᠡᠳᠦᠷ ᠠᠴᠠ 12 ᠰᠠᠷ᠎ᠠ ᠶᠢᠨ 8 ᠤ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠪᠢᠴᠢᠭ ᠤᠨ ᠬᠡᠯᠪᠡᠷᠢ ᠪᠠᠷ ᠲᠤᠰᠬᠠᠵᠤ᠂ ᠲᠤᠰᠬᠠᠭᠴᠢ ᠨᠢ ᠡᠷᠬᠡᠪᠰᠢ ᠦᠨᠡᠨ ᠣᠪᠣᠭ ᠨᠡᠷ᠎ᠡ᠂ ᠨᠢᠭᠡᠴᠢ ᠵᠢᠴᠢ ᠬᠠᠷᠢᠯᠴᠠᠬᠤ ᠠᠷᠭ᠎ᠠ ᠬᠡᠯᠪᠡᠷᠢ ︵ᠨᠢᠭᠡᠴᠢ  ᠨᠢ ᠠᠯᠪᠠᠨ ᠲᠠᠮᠠᠭ᠎ᠠ ᠳᠠᠷᠤᠬᠤ ᠴᠢᠬᠤᠯᠠ ᠲᠠᠢ︶  ᠪᠠᠨ ᠲᠣᠳᠣᠷᠬᠠᠶᠢᠯᠠᠬᠤ ᠬᠡᠷᠡᠭᠲᠡᠢ᠃      ᠢᠮᠧᠯ᠄ nmgnmtzyc@163.com       ᠳᠠᠭᠠᠯᠳᠤᠭᠤᠯᠤᠯ᠄ 1.ᠮᠠᠭᠠᠳᠯᠠᠨ ᠲᠣᠭᠲᠠᠭᠠᠬᠤ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠡᠭᠦᠯᠳᠡᠷ ᠪᠣᠶᠢᠵᠢᠭᠤᠯᠬᠤ ᠭᠤᠣᠯ ᠪᠣᠯᠬᠤ ᠲᠠᠯᠠᠪᠠᠶ ᠶᠢᠨ ᠨᠡᠷᠡᠰ      2.ᠮᠠᠭᠠᠳᠯᠠᠨ ᠲᠣᠭᠲᠠᠭᠠᠬᠤ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠬᠠᠮᠠᠭᠠᠯᠠᠬᠤ ᠲᠠᠯᠠᠪᠠᠶ ᠶᠢᠨ ᠨᠡᠷᠡᠰ      3.ᠮᠠᠭᠠᠳᠯᠠᠨ ᠲᠣᠭᠲᠠᠭᠠᠬᠤ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠪᠣᠶᠢᠵᠢᠭᠤᠯᠬᠤ ᠲᠣᠮᠣ ᠰᠢᠶᠠᠨ ᠤ ᠨᠡᠷᠡᠰ                           ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                          ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                 2022 ᠣᠨ ᠤ 12 ᠰᠠᠷ᠎ᠠ ᠶᠢᠨ 1 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号