ᠪᠥᠬᠦ ᠣᠷᠣᠨ ᠤ ᠪᠣᠬᠢᠷᠳᠤᠯ ᠦᠭᠡᠢ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠵᠢᠶᠠᠵᠢᠭᠤᠯᠬᠤ ᠮᠡᠷᠭᠡᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ  ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2022/12/2
      11 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠲᠠᠷᠢᠶᠠᠯᠠᠩ ᠤᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠥᠯᠥᠪᠯᠡᠭᠡ ︱ ᠢᠳᠡᠰᠢᠨ ᠨᠣᠭᠤᠭ᠎ᠠ ᠶᠢᠨ ᠪᠣᠬᠢᠷᠳᠤᠯ ᠦᠭᠡᠢ ᠪᠠᠷ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠵᠢᠶᠠᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ ᠳᠤ ᠲᠦᠰᠢᠭᠯᠡᠨ᠂ ᠪᠥᠬᠦ ᠣᠷᠣᠨ ᠤ ᠢᠳᠡᠰᠢᠨ ᠨᠣᠭᠤᠭ᠎ᠠ ᠶᠢᠨ ᠪᠣᠬᠢᠷᠳᠤᠯ ᠦᠭᠡᠢ ᠪᠠᠷ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠵᠢᠶᠠᠵᠢᠭᠤᠯᠬᠤ ᠮᠡᠷᠭᠡᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠪᠡ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠦ᠋ ᠢᠦᠢ ᠴᠧᠩ ᠪᠠᠶᠠᠷ ᠤᠨ ᠦᠭᠡ ᠬᠡᠯᠡᠵᠦ᠂ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠯᠢ ᡁᠢ ᠫᠢᠩ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠳᠡᠳ᠋ ᠳᠠᠷᠤᠭ᠎ᠠ ᠯᠢ ᠸᠧᠨ ᠪᠢᠶᠣᠣ ᠪᠣᠯᠪᠠᠰᠤᠷᠠᠭᠤᠯᠤᠯ ᠤᠨ ᠳ᠋ᠦᠩᠨᠡᠯᠲᠡ ᠬᠢᠪᠡ᠃ ᠪᠥᠬᠦ ᠣᠷᠣᠨ ᠤ 12 ᠠᠶᠢᠮᠠᠭ ᠬᠤᠲᠠ ᠶᠢᠨ ᠠᠵᠤ ᠠᠬᠤᠢ ᠶᠢᠨ ᠰᠢᠰᠲ᠋ᠧᠮ ᠤᠨ ᠮᠡᠷᠭᠡᠵᠢᠯ ᠤᠨ ᠭᠤᠣᠯᠯᠠᠭᠴᠢ ᠬᠦᠴᠦᠨ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠣᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠵᠡᠷᠭᠡ 4 ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ 399 ᠬᠥᠮᠥᠨ ᠪᠣᠯᠪᠠᠰᠤᠷᠠᠭᠤᠯᠤᠯ  ᠳᠤ ᠣᠷᠣᠯᠴᠠᠵᠠᠢ᠃
1.png
       ᠪᠣᠯᠪᠠᠰᠤᠷᠠᠭᠤᠯᠤᠯ ᠤᠨ ᠠᠩᠭᠢ   ᠨᠢ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠴᠡᠴᠡᠷᠯᠢᠭ ᠤᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠵᠧᠦ ᠽᠧ ᠢᠦᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠼᠦᠢ ᠱᠢ ᠮᠣᠣ ᠫᠷᠣᠹᠧᠰᠰᠣᠷ ᠪᠣᠯᠣᠨ ᠬᠤ᠋ ᠵᠢᠶᠦ᠋ᠨ ᠫᠷᠣᠹᠧᠰᠰᠣᠷ ᠢ ᠤᠷᠢᠵᠤ ᠲᠣᠰᠪᠣᠷᠢ ︽ ᠮᠠᠨ ᠤ ᠤᠯᠤᠰ ᠤᠨ ᠴᠡᠴᠡᠷᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︾ ᠂ ︽ ᠲᠥᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠦᠢᠯᠡᠳᠪᠦᠷᠢᠯᠡᠯ ᠤᠨ ᠮᠡᠷᠭᠡᠵᠢᠯ ︾ ᠪᠣᠯᠣᠨ ︽ ᠬᠠᠮᠠᠭᠠᠯᠠᠯᠲᠠ ᠶᠢᠨ ᠭᠠᠵᠠᠷ ᠤᠨ ᠢᠳᠡᠰᠢᠨ ᠨᠣᠭᠤᠭ᠎ᠠ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ ᠰᠢᠰᠲ᠋ᠧᠮ ᠢ ᠪᠠᠶᠢᠭᠤᠯᠬᠤ ᠵᠢᠴᠢ ᠰᠡᠷᠭᠡᠶᠢᠯᠡᠬᠦ ᠮᠡᠷᠭᠡᠵᠢᠯ ︾ ᠤᠨ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃ 3 ᠲᠤᠰᠬᠠᠢ ᠮᠡᠷᠭᠡᠵᠢᠯᠲᠡᠨ ᠫᠷᠣᠹᠧᠰᠰᠣᠷ ᠠᠵᠤ ᠦᠢᠯᠡᠰ ᠤᠨ ᠪᠠᠶᠢᠳᠠᠯ ᠠᠴᠠ ᠮᠡᠷᠭᠡᠵᠢᠯ ᠤᠨ ᠣᠳᠣᠬᠢ ᠪᠠᠶᠢᠳᠠᠯ ᠪᠣᠯᠣᠨ ᠬᠥᠭᠵᠢᠯᠲᠡ ᠶᠢᠨ ᠬᠠᠨᠳᠤᠰᠢ ᠬᠦᠷᠲᠡᠯ᠎ᠡ ᠂ ᠤᠨᠤᠯ ᠤᠨ ᠰᠤᠳᠤᠯᠭᠠᠨ ᠠᠴᠠ ᠦᠢᠯᠡᠳᠪᠦᠷᠢᠯᠡᠯ ᠤᠨ ᠦᠢᠯᠡᠳᠦᠯᠭᠡ ᠬᠦᠷᠲᠡᠯ᠎ᠡ ᠂ ᠰᠣᠩᠭᠤᠳᠠᠭ ᠵᠢᠱᠢᠶ᠎ᠡ ᠶᠢ ᠵᠠᠳᠠᠯᠵᠤ ᠂ ᠵᠢᠷᠤᠭ ᠪᠢᠴᠢᠭ ᠢ ᠬᠤᠣᠰᠯᠠᠭᠤᠯᠵᠤ ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠰᠢᠨ᠎ᠡ ᠶᠢ ᠡᠭᠦᠳᠬᠦ ᠴᠢᠨᠠᠷ ᠪᠣᠯᠣᠨ ᠲᠡᠷᠢᠭᠦᠨ ᠤ ᠴᠢᠨᠠᠷ ᠢ ᠳᠤᠪᠤᠶᠢᠯᠭᠠᠨ᠂ ᠬᠡᠷᠡᠭᠯᠡᠭᠡᠨ ᠤ ᠴᠢᠨᠠᠷ ᠪᠣᠯᠣᠨ ᠪᠣᠳᠠᠲᠤ ᠪᠣᠯᠪᠠᠰᠤᠷᠠᠯ ᠤᠨ ᠴᠢᠨᠠᠷ ᠢ ᠴᠢᠬᠤᠯᠠᠴᠢᠯᠠᠵᠤ ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠨᠢᠯᠲᠠ ᠶᠢ ᠪᠠᠶᠠᠯᠢᠭᠵᠢᠭᠤᠯᠤᠨ ᠳᠡᠭᠡᠭᠰᠢᠯᠡᠭᠦᠯᠵᠦ ᠂ ᠪᠣᠳᠠᠲᠤ ᠪᠣᠯᠪᠠᠰᠤᠷᠠᠯ ᠤᠨ ᠴᠢᠳᠠᠪᠤᠷᠢ ᠶᠢ  ᠨᠢ ᠳᠡᠭᠡᠭᠰᠢᠯᠡᠭᠦᠯᠵᠡᠢ ᠃
2.png
       ᠢᠳᠡᠰᠢᠨ ᠨᠣᠭᠤᠭ᠎ᠠ ᠶᠢᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠥᠯᠥᠪᠯᠡᠭᠡ ᠶᠢᠨ ᠲᠥᠷᠥᠯ ᠵᠦᠢᠯ ᠢ ᠳᠠᠭᠠᠭᠠᠨ ᠠᠪᠤᠭᠰᠠᠨ 7 ᠭᠤᠣᠯᠳᠠᠯᠭ᠎ᠠ ᠲᠠᠢ ᠠᠶᠢᠮᠠᠭ ᠬᠤᠲᠠ ᠪᠣᠯᠣᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 4 ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠠᠵᠢᠯ ᠤᠨ ᠬᠠᠷᠢᠭᠤ ᠮᠡᠳᠡᠭᠦᠯᠦᠯᠲᠡ ᠪᠠᠨ ᠰᠣᠯᠢᠯᠴᠠᠵᠤ᠂ ᠲᠣᠰ ᠵᠢᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠵᠠᠳᠠᠯᠵᠤ᠂ ᠨᠡᠶᠢᠲᠡᠯᠢᠭ ᠲᠤᠷᠰᠢᠯᠭ᠎ᠠ ᠶᠢ ᠬᠤᠪᠢᠶᠠᠯᠴᠠᠨ ᠡᠳ᠋ᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠵᠦ᠂ ᠲᠥᠷᠥᠯ ᠵᠦᠢᠯ ᠤᠨ ᠦᠷ᠎ᠡ ᠪᠦᠲᠦᠮᠵᠢ ᠶᠢ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠵᠤ᠂ ᠲᠥᠷᠥᠯ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠶᠢ ᠪᠦᠲᠦᠮᠵᠢᠲᠡᠶ ᠳᠡᠭᠡᠭᠰᠢᠯᠡᠭᠦᠯᠬᠦ᠂ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ ᠳᠤ  ᠤᠬᠢ ᠰᠠᠶᠢᠨ ᠰᠠᠭᠤᠷᠢ ᠲᠠᠯᠪᠢᠭᠰᠠᠨ ᠪᠠᠶᠢᠨ᠎ᠠ᠃
3.png
       ᠪᠣᠯᠪᠠᠰᠤᠷᠠᠭᠤᠯᠤᠯ ᠳᠤ ᠣᠷᠣᠯᠴᠠᠭᠰᠠᠳ ᠤᠨ ᠦᠵᠡᠬᠦ ᠪᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠣᠯᠳᠠᠯᠭ᠎ᠠ ᠨᠢ ᠲᠣᠪᠣᠶᠢᠮ᠎ᠠ᠂ ᠪᠣᠳᠠᠲᠠᠢ ᠲᠠᠢ ᠨᠡᠶᠢᠴᠡᠵᠦ᠂ ᠣᠨᠴᠠᠯᠢᠭ ᠨᠢ ᠢᠯᠡᠷᠬᠡᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠴᠢᠳᠠᠭᠰᠠᠨ ᠢᠶᠠᠷ ᠪᠠᠷᠠᠬᠤ ᠦᠭᠡᠢ ᠪᠠᠰᠠ ᠦᠢᠯᠡᠳᠪᠦᠷᠢᠯᠡᠯ ᠤᠨ ᠪᠣᠳᠠᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠣᠯᠲᠠ ᠶᠡᠭᠡ  ᠪᠤᠯᠵᠠᠢ᠂ ᠡᠶᠢᠮᠦᠷᠬᠦ ᠪᠣᠯᠪᠠᠰᠤᠷᠠᠭᠤᠯᠤᠯ ᠢ ᠢᠯᠡᠭᠦᠬᠡᠨ ᠡᠷᠭᠢᠯᠡᠵᠦ᠂ ᠪᠠᠶᠢᠩᠭᠤ ᠡᠷᠭᠢᠯᠡᠬᠦ ᠬᠡᠷᠡᠭᠲᠡᠢ ᠭᠡᠵᠦ ᠱᠠᠭᠠᠷᠳᠠᠪᠠ ᠃ ᠪᠣᠯᠪᠠᠰᠤᠷᠠᠭᠤᠯᠤᠯ ᠤᠨ ᠦᠷ᠎ᠡ ᠪᠦᠲᠦᠮᠵᠢ ᠢᠯᠡᠷᠬᠡᠢ ᠪᠠᠶᠢᠵᠤ᠂ ᠲᠡᠭᠦᠰ ᠠᠮᠵᠢᠯᠲᠠ ᠣᠯᠪᠠ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号