ᠤᠯᠠᠭᠠᠨᠴᠠᠪ ᠬᠤᠲᠠ ᠶᠢᠨ ︽ᠳ᠋ᠦ᠋ ᠮᠸᠡᠭ︾ ᠬᠤᠨᠢ ᠤᠯᠤᠰ ᠤᠨ ᠮᠠᠯ ᠵᠢᠭᠦᠷᠲᠡᠨ ᠤ ᠰᠢᠨ᠎ᠡ ᠡᠭᠦᠯᠳᠡᠷ ᠢᠶᠠᠷ ᠬᠢᠨᠠᠨ ᠲᠤᠭᠲᠠᠭᠠᠭᠳᠠᠪᠠ
ᠨᠡᠶᠢᠲᠡᠯᠡᠭᠰᠡᠨ ᠴᠠᠭ᠄
2022/12/21
      ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠠᠴᠠ ᠣᠶᠢᠯᠠᠭᠠᠭᠰᠠᠨ ᠢᠶᠠᠷ ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠦᠪᠯᠡᠯ ᠠᠴᠠ ᠣᠶᠢᠷ᠎ᠠ ᠳᠤ ᠤᠯᠠᠭᠠᠨᠴᠠᠪ ᠬᠤᠲᠠ ︽ᠳ᠋ᠦ᠋ ᠮᠸᠡᠭ︾ ᠬᠤᠨᠢ ᠵᠡᠷᠭᠡ 10 ᠮᠠᠯ ᠵᠢᠭᠦᠷᠲᠡᠨ ᠤ ᠰᠢᠨ᠎ᠡ ᠡᠭᠦᠯᠳᠡᠷ ᠤᠨ ᠲᠦᠭᠦᠷᠵᠢᠭᠰᠡᠨ ᠰᠢᠰᠲ᠋ᠧᠮ ᠪᠠ ᠠᠳᠢᠨ ᠰᠠᠷᠯᠤᠭ ᠵᠡᠷᠭᠡ 3 ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠨᠠᠨ ᠲᠣᠭᠲᠠᠭᠠᠵᠤ ᠪᠠᠲᠤᠯᠠᠪᠠ᠃ ᠡᠨᠡ ᠨᠢ ᠤᠯᠠᠭᠠᠨᠴᠠᠪ ᠬᠤᠲᠠ ᠮᠢᠬᠠᠨ ᠤ ᠬᠤᠨᠢᠨ ᠤ ᠰᠠᠶᠢᠨ ᠡᠭᠦᠯᠳᠡᠷ ᠥᠬᠡᠶ ᠪᠠᠶᠢᠭᠰᠠᠨ ᠲᠡᠤᠬᠡ ᠪᠠᠨ ᠡᠴᠦᠰᠯᠡᠭᠦᠯᠦᠭᠰᠡᠨ ᠢ ᠬᠠᠷᠠᠭᠤᠯᠵᠤ ᠪᠤᠢ᠃      ︽ᠮᠠᠯ ᠵᠢᠭᠦᠷᠲᠡᠨ ᠤ ᠰᠢᠨ᠎ᠡ ᠡᠭᠦᠯᠳᠡᠷ ᠤᠨ ᠲᠦᠭᠦᠷᠵᠢᠭᠰᠡᠨ ᠰᠢᠰᠲ᠋ᠧᠮ ᠢ ᠬᠢᠨᠠᠨ ᠲᠣᠭᠲᠠᠭᠠᠬᠤ ᠪᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠤᠭᠳᠠᠯ ᠪᠥᠬᠦᠶ ᠲᠣᠭᠲᠠᠭᠠᠯ ᠢ ᠦᠨᠳᠦᠰᠦᠯᠡᠨ᠂ 11 ᠰᠠᠷ᠎ᠠ ᠶᠢᠨ 24 ᠤ ᠡᠳᠦᠷ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠤᠨ ᠠᠯᠪᠠᠨ ᠬᠡᠷ ᠬᠢᠨᠠᠨ ᠲᠣᠭᠲᠠᠭᠠᠭᠰᠠᠨ ᠦᠷ᠎ᠡ ᠳ᠋ᠦᠩ ᠢ ᠤᠯᠤᠰ ᠤᠨ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠪᠡ ᠃ ᠢᠯᠡ ᠨᠡᠶᠢᠲᠡᠯᠡᠬᠦ ᠬᠤᠭᠤᠴᠠᠭ᠎ᠠ ᠨᠢ ᠨᠢᠭᠡ ᠰᠠᠷ᠎ᠠ ᠪᠠᠶᠢᠵᠤ ᠂ 2022 ᠣᠨ ᠤ 11 ᠰᠠᠷ᠎ᠠ ᠶᠢᠨ 24 ᠠᠴᠠ 2022 ᠣᠨ ᠤ 12 ᠰᠠᠷ᠎ᠠ ᠶᠢᠨ 23 ᠪᠣᠯᠲᠠᠯ᠎ᠠ ᠦᠷᠭᠦᠯᠵᠢᠯᠡᠬᠦ ᠪᠤᠯᠤᠨ᠎ᠠ᠃      ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠮᠢᠬᠠᠨ ᠤ ᠬᠤᠨᠢᠨ ᠤ ᠰᠢᠨ᠎ᠡ ᠡᠭᠦᠯᠳᠡᠷ ᠪᠣᠶᠢᠵᠢᠭᠤᠯᠬᠤ ᠠᠵᠢᠯ ᠢ ᠦᠷᠨᠢᠭᠦᠯᠦᠨ᠂ 2001 ᠣᠨ ᠠᠴᠠ ᠡᠬᠢᠯᠡᠨ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠤᠤᠷ᠎ᠠ᠂ ᠥᠪᠥᠷ ᠮᠣᠩᠭᠤᠯ ᠤᠨ ᠰᠠᠶᠢᠨᠤ ᠡᠭᠦᠯᠳᠡᠷ ᠤᠨ ᠬᠤᠨᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠲᠠᠢ ᠬᠠᠮᠲᠤᠷᠠᠨ᠂ 20 ᠭᠠᠷᠤᠶ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠳ᠋ᠦ᠋ ᠪᠥᠸᠧ ᠬᠤᠨᠢ ᠶᠢ ᠨᠤᠲᠤᠭ ᠤᠨ ᠮᠣᠩᠭᠤᠯ ᠬᠤᠨᠢ ᠲᠠᠢ ᠡᠷᠯᠢᠰᠡᠵᠢᠭᠦᠯᠤᠨ᠂ ᠴᠦᠯᠯᠡᠷᠬᠡᠭ ᠭᠠᠵᠠᠷ ᠲᠤ ᠮᠠᠯᠵᠢᠬᠤ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠵᠡᠷᠭᠡ ᠣᠯᠠᠨ ᠵᠦᠢᠯ ᠤᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠲᠤ ᠴᠦᠮ ᠲᠤᠬᠢᠷᠠᠬᠤ ᠮᠢᠬᠠᠨ ᠤ ᠬᠤᠨᠢᠨ ᠤ ᠡᠭᠦᠯᠳᠡᠷ ᠪᠤᠯᠬᠤ ︽ᠳ᠋ᠦ᠋ ᠮᠸᠡᠭ︾ ᠬᠤᠨᠢ ᠶᠢ ᠪᠣᠶᠢᠵᠢᠭᠤᠯᠤᠨ ᠭᠠᠷᠭᠠᠵᠠᠢ᠃       ᠣᠳᠤᠬᠠᠨ ᠳᠤ ᠂ ᠳ᠋ᠦ᠋ ᠮᠸᠡᠭ ᠬᠤᠨᠢ ᠨᠡᠶᠢᠲᠡ 4.5 ᠲᠦᠮᠡ ᠪᠠᠶᠢᠵᠤ ᠂ ᠳ᠋ᠦ᠋ ᠮᠧᠩ ᠬᠤᠨᠢᠨ ᠤ ᠮᠢᠬ᠎ᠠ ᠨᠢᠭᠡᠨᠲᠡ 3 ᠲᠥᠷᠥᠯ ᠤᠨ ᠰᠢᠷᠢᠰ ᠪᠦᠲᠦᠭᠡᠭᠳᠡᠭᠦᠨ ᠂ 200 ᠭᠠᠷᠤᠶ ᠵᠦᠢᠯ ᠪᠣᠯᠵᠣ᠂ ᠵᠢᠯ ᠤᠨ ᠡᠳ᠋ᠰᠢᠭᠦᠯᠦᠭᠰᠡᠨ ᠦᠷᠳᠡᠭ ᠨᠢ 6.5 ᠳ᠋ᠦᠩᠰᠢᠭᠤᠷ ᠲᠦᠭᠦᠷᠢᠭ ᠳᠤ ᠬᠦᠷᠴᠤ᠂ ᠥᠪᠡᠷᠲᠡᠭᠡᠨ ᠵᠠᠰᠠᠬᠤ  ᠣᠷᠣᠨ ᠤ ᠪᠣᠬᠢᠷᠲᠤᠯ ᠥᠬᠡᠶ ᠬᠤᠨᠢᠨ ᠮᠢᠬᠠᠨ ᠤ ᠨᠠᠷᠠᠲᠤ ᠲᠡᠮᠳᠡᠭ ᠢ ᠡᠭᠦᠳᠬᠦ ᠶᠢᠨ ᠬᠠᠮᠳᠤ ᠣᠷᠭᠠᠨᠢᠭ ᠪᠦᠳᠦᠭᠡᠭᠳᠡᠬᠦᠨ ᠤ ᠭᠡᠷᠡᠴᠢᠯᠡᠭᠡ᠂ ᠭᠠᠵᠠᠷ ᠵᠦᠶ ᠶᠢᠨ ᠢᠯᠡᠷᠭᠡᠶᠢᠯᠡᠯᠲᠦ ᠪᠦᠳᠦᠭᠡᠭᠳᠡᠬᠦᠨ ᠤ ᠬᠡᠷᠡᠴᠢᠯᠡᠭᠡ ᠶᠢ ᠤᠯᠵᠦ᠂ ᠥᠪᠡᠷᠲᠡᠭᠡᠨ ᠵᠠᠰᠠᠬᠤ ᠣᠷᠣᠨ ᠤ ᠨᠠᠷᠠᠲᠤ ᠤᠬᠢ ᠣᠨᠴᠠ ᠭᠠᠷᠤᠯᠲᠠ ᠪᠤᠯᠵᠠᠢ᠃ ᠲᠤᠰ ᠺᠤᠮᠫᠠᠨᠢ ᠶᠢᠨ ᠪᠣᠶᠢᠵᠢᠭᠤᠯᠤᠭᠰᠠᠨ ᠴᠢᠨᠠᠷ ᠰᠠᠶᠢᠲᠠᠢ ᠬᠤᠴᠠ ᠨᠢ ᠨᠢᠭᠡᠨᠲᠡ᠂ ᠰᠢᠨᠵᠢᠶᠠᠩ ᠂ ᠨᠢᠩᠰᠢᠶᠠ ᠂ ᠭᠠᠨᠰᠦ ᠵᠡᠷᠭᠡ ᠮᠤᠵᠢ ᠣᠷᠣᠨ ᠬᠤᠲᠠ ᠳᠤ ᠲᠠᠷᠬᠠᠵᠤ᠂ ᠠᠵᠤ ᠦᠢᠯᠡᠰ ᠤᠨ ᠬᠦᠭᠵᠢᠯᠲᠡ ᠪᠠ ᠮᠠᠯᠴᠢᠨ ᠲᠠᠷᠢᠶᠠᠴᠢᠠᠨ ᠤ ᠣᠷᠣᠯᠭ᠎ᠠ ᠶᠢᠨ ᠨᠡᠮᠡᠭᠳᠡᠯ ᠢ ᠢᠯᠡᠳᠲᠡ ᠳᠠᠶᠢᠴᠢᠯᠠᠨ ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠵᠦ ᠪᠤᠢ᠃ ᠲᠠᠷᠠᠭᠠᠴᠢ ᠪᠠᠷ ᠲᠤᠰ ᠬᠤᠲᠠ᠂ ᠡᠭᠦᠯᠳᠡᠷ ᠤᠨ ᠣᠨᠴᠠᠯᠢᠭ ᠢ ᠦᠷᠭᠦᠯᠵᠢᠯᠡᠨ ᠰᠤᠳᠤᠯᠤᠨ ᠪᠣᠶᠢᠵᠢᠭᠤᠯᠤᠨ ᠲᠡᠭᠦᠯᠳᠡᠷᠵᠢᠭᠦᠯᠵᠦ᠂ ᠳᠡᠯᠡᠬᠡᠶ ᠶᠢᠨ  ᠲᠡᠷᠢᠭᠦᠨ ᠤ ᠡᠭᠦᠯᠳᠡᠷ ᠪᠣᠶᠢᠵᠢᠭᠤᠯᠬᠤ ᠲᠦᠪᠰᠢᠨ ᠯᠦᠭᠡ ᠶᠢᠨ ᠵᠥᠷᠢᠶ᠎ᠡ ᠶᠢ ᠪᠠᠭᠠᠰᠬᠠᠨ ᠂ ᠮᠢᠬᠠᠨ ᠤ ᠬᠤᠨᠢᠨ ᠤ ᠡᠭᠦᠯᠳᠡᠷ ᠤᠨ ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠎ᠡ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号