ᠪᠥᠬᠦ ᠠᠶᠢᠮᠠᠭ ᠤᠨ ᠭᠤᠷᠪᠠᠨ ᠮᠠᠯ ᠤᠨ ᠡᠮᠴᠢ ᠶᠢᠨ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠠᠶᠢᠮᠠᠭ ᠤᠨ ᠲᠠᠰ ᠤᠨ ᠰᠢᠯᠭᠠᠨ‌ᠠᠪᠬᠤ ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄
2022/12/22
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠲᠥᠷᠥᠯ ᠵᠦᠢᠯ ᠢ ᠰᠢᠯᠭᠠᠨ ᠠᠪᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ︽ᠲᠠᠷᠢᠶᠠᠯᠠᠩ ᠤᠨ ᠶᠠᠮᠤᠨ ᠤ ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠵᠢᠷᠤᠮᠯᠠᠨ ᠡᠵᠡᠨ᠎ᠡ ᠬᠤᠰᠢᠭᠤ᠂ ᠠᠯᠠᠱᠠ ᠠᠶᠢᠮᠠᠭ ᠤᠨ ᠪᠠᠷᠠᠭᠤᠨ ᠠᠶᠢᠮᠠᠭ᠂ ᠠᠯᠠᠱᠠ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠭᠤᠷᠪᠠᠨ ᠮᠠᠯ ᠡᠮᠨᠡᠯᠭᠡ ᠶᠢᠨ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ  ᠨᠢ 2022 ᠣᠨ ᠤ ᠥᠪᠡᠷᠲᠡᠭᠡᠨ ᠵᠠᠰᠠᠬᠤ ᠣᠷᠣᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠳᠤ ᠲᠣᠰ ᠲᠣᠰ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠥᠷᠨᠢᠭᠦᠯᠪᠡ᠃ ᠮᠠᠯ ᠡᠮᠨᠡᠯᠭᠡ ᠶᠢᠨ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ ᠪᠣᠯ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠠᠪᠤᠴᠠ ᠳᠠᠬᠢ ᠴᠢᠬᠤᠯᠠ ᠭᠤᠭᠴᠤᠭ᠎ᠠ ᠪᠣᠯᠣᠨ᠎ᠠ᠂ ᠠᠮᠢᠳᠠᠨ ᠤ ᠬᠢᠵᠢᠭ ᠢ ᠰᠡᠷᠭᠡᠶᠢᠯᠡᠬᠦ ᠰᠢᠰᠲ᠋ᠧᠮᠵᠢ ᠶᠢᠨ ᠭᠤᠣᠯ ᠪᠦᠷᠢᠯᠳᠦᠭᠦᠨ ᠬᠡᠰᠡᠭ ᠮᠥᠨ ᠂ ᠲᠡᠷᠡ ᠨᠢ ᠠᠮᠢᠳᠠᠨ ᠤ ᠬᠢᠵᠢᠭ ᠡᠪᠡᠳᠴᠢᠨ ᠤ ᠡᠪᠡᠳᠴᠢᠨ ᠡᠭᠦᠰᠬᠡᠭᠴᠢ ᠶᠢ ᠬᠢᠨᠠᠨ ᠬᠡᠮᠵᠢᠬᠦ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠂ ᠡᠭᠡᠯᠢᠯᠡᠭᠡ ᠶᠢᠨ ᠡᠰᠡᠷᠭᠦᠴᠡᠭᠴᠢ ᠶᠢᠨ ᠦᠷ᠎ᠡ ᠪᠦᠲᠦᠮᠵᠢ ᠶᠢ ᠬᠢᠨᠠᠨ ᠬᠡᠮᠵᠢᠬᠦ ᠂ ᠠᠮᠢᠳᠠᠨ ᠤ ᠬᠢᠵᠢᠭ ᠡᠪᠡᠳᠴᠢᠨ ᠢ ᠣᠨᠣᠰᠢᠯᠠᠬᠤ ᠵᠡᠷᠭᠡ ᠴᠢᠬᠤᠯᠠ ᠦᠢᠯᠡᠳᠦᠯ ᠢ ᠡᠭᠦᠷᠭᠡᠯᠡᠵᠦ ᠂ ᠬᠢᠵᠢᠭ ᠡᠪᠡᠳᠴᠢᠨ ᠢ ᠴᠠᠭ ᠲᠤᠬᠠᠢ ᠳᠤ  ᠨᠢ ᠬᠢᠨᠠᠨ ᠬᠡᠮᠵᠢᠬᠦ ᠂ ᠣᠨᠣᠰᠢᠯᠠᠬᠤ ᠂ ᠬᠢᠵᠢᠭ ᠤᠨ ᠪᠠᠶᠢᠳᠠᠯ ᠢ ᠦᠳᠲᠡᠷ ᠲᠦᠷᠭᠡᠨ ᠰᠢᠢᠳᠪᠦᠷᠢᠯᠡᠬᠦ ᠪᠠ ᠤᠰᠠᠳᠬᠠᠬᠤ ᠳᠤ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ ᠪᠠᠶᠢᠳᠠᠭ ᠃ ᠲᠤᠰ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠠᠴᠠ ᠭᠤᠷᠪᠠᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠨᠡᠶᠢᠳᠡ 200 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠠᠭᠤᠯᠭᠠᠵᠤ ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠭᠤᠷᠪᠠᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠭᠤᠯᠵᠤ ᠂ ᠲᠤᠷᠰᠢᠯᠲᠠ ᠶᠢᠨ ᠲᠠᠰᠤᠭ ᠤᠨ ᠴᠢᠳᠠᠮᠵᠢᠲᠤ ᠣᠷᠣᠨ ᠪᠣᠯᠣᠨ ᠲᠤᠨᠤᠭ ᠲᠥᠬᠦᠭᠡᠷᠦᠮᠵᠢ ᠬᠤᠳᠠᠯᠳᠤᠨ ᠠᠪᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠵᠦ ᠂ ᠲᠦᠷᠦᠯ ᠵᠦᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠂ ᠡᠳ᠋ ᠤᠨ ᠶᠠᠪᠤᠳᠠᠯ ᠤᠨ ᠲᠠᠩᠰᠠ ᠬᠠᠷ᠎ᠠ ᠶᠢ ᠪᠠᠶᠢᠴᠠᠭᠠᠨ ᠦᠵᠡᠬᠦ ᠪᠠ ᠬᠢᠨᠠᠨ ᠬᠠᠷᠭᠤᠭᠤᠯᠵᠤ ᠂ ᠪᠡᠯᠡ ᠮᠥᠩᠭᠦ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠯᠡᠭᠰᠡᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠲᠤᠯᠭᠠᠨ ᠠᠰᠠᠭᠤᠵᠤ ᠮᠠᠳᠠᠭ ᠲᠠᠢ ᠠᠰᠠᠭᠤᠳᠠᠯ ᠢ ᠬᠠᠷᠢᠭᠤᠯᠵᠠᠢ ᠃ ᠰᠢᠯᠭᠠᠨ ᠠᠪᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠶᠠᠷᠢᠯᠴᠠᠨ ᠦᠨᠡᠯᠡᠬᠦ ᠪᠠᠷ ᠳᠡᠮᠵᠢᠨ᠂ ᠭᠤᠷᠪᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠪᠡ ᠭᠡᠵᠦ ᠦᠵᠡᠪᠡ᠃ ᠲᠥᠷᠥᠯ ᠵᠦᠢᠯ ᠤᠨ ᠪᠡᠯᠡ ᠮᠥᠩᠭᠦ ᠶᠢ ᠡᠳ᠋ ᠤᠨ ᠶᠠᠪᠤᠳᠠᠯ ᠤᠨ ᠳᠦᠷᠢᠮ ᠶᠣᠰᠣᠭᠠᠷ᠂ ᠲᠤᠰᠬᠠᠢ ᠲᠠᠩᠰᠠ ᠪᠠᠷ ᠬᠠᠮᠢᠶᠠᠷᠴᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠬᠡᠷᠡᠭᠯᠡᠬᠦ ᠳᠤ ᠦᠨᠳᠦᠰᠦᠨ ᠳᠤ ᠪᠠᠨ ᠵᠦᠢ ᠵᠣᠬᠢᠰᠲᠠᠢ ᠪᠠᠶᠢᠳᠠᠭ ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠨᠢ ᠪᠦᠷᠢᠨ ᠭᠦᠢᠴᠡᠳ᠂ ᠲᠤᠷᠰᠢᠯᠲᠠ ᠶᠢᠨ ᠴᠢᠳᠠᠮᠵᠢᠲᠤ ᠣᠷᠣᠨ ᠤ ᠪᠠᠶᠢᠷᠢᠰᠢᠯ ᠨᠢ ᠵᠦᠢ ᠵᠣᠬᠢᠰᠲᠠᠢ᠂ ᠠᠵᠢᠯᠯᠠᠭᠠᠨ ᠨᠢ ᠬᠡᠪ ᠤᠨ ᠪᠠᠶᠢᠳᠠᠭ ︔ ᠬᠤᠳᠠᠯᠳᠤᠨ ᠠᠪᠤᠭᠰᠠᠨ ᠬᠡᠮᠵᠢᠭᠦᠷᠯᠢᠭ ᠲᠥᠬᠦᠭᠡᠷᠦᠮᠵᠢ ᠶᠢᠨ ᠠᠵᠢᠯᠯᠠᠭᠠᠨ ᠨᠢ ᠬᠡᠪ ᠤᠨ ᠪᠠᠶᠢᠵᠤ᠂ ᠲᠥᠬᠦᠭᠡᠷᠦᠮᠵᠢ ᠶᠢᠨ ᠴᠢᠳᠠᠮᠵᠢ ᠪᠠ ᠪᠣᠯᠵᠣᠯᠲᠤ ᠲᠤᠭ᠎ᠠ ᠨᠢ ᠴᠣᠬᠤᠯᠠᠪᠤᠷᠢᠯᠠᠭᠰᠠᠨ ᠠᠭᠤᠯᠭ᠎ᠠ ᠳᠤ ᠨᠡᠶᠢᠴᠡᠵᠦ᠂ ᠡᠪᠡᠳᠴᠢᠨ ᠡᠭᠦᠰᠬᠡᠭᠴᠢ ᠶᠢᠨ ᠤᠬᠠᠭᠠᠨ ︵PCR︶ ᠤ ᠪᠠᠶᠢᠴᠠᠭᠠᠨ ᠰᠢᠯᠭᠠᠬᠤ ᠱᠠᠭᠠᠷᠳᠠᠯᠭ᠎ᠠ ᠶᠢ ᠬᠠᠩᠭᠠᠵᠤ᠂ ᠪᠦᠬᠦᠨ ᠢᠶᠠᠷ ᠢᠶᠠᠨ ᠠᠮᠢᠳᠤ ᠪᠣᠳᠠᠰ ᠤᠨ ᠬᠤᠶᠠᠳᠤᠭᠠᠷ ᠳᠡᠰ ᠤᠨ ᠬᠢᠷᠢ ᠲᠦᠪᠰᠢᠨ ᠳᠤ ᠬᠦᠷᠴᠦ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ ᠃ 
图片1.jpg
       ᠡᠨᠡ ᠤᠳᠠᠭᠠᠨ ᠤ ᠭᠤᠷᠪᠠᠨ ᠮᠠᠯ ᠤᠨ ᠡᠮᠴᠢ ᠶᠢᠨ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠵᠦ᠂ ᠠᠯᠠᠱᠠ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠣᠨᠣᠰᠢᠯᠠᠬᠤ ᠮᠡᠷᠭᠡᠵᠢᠯ ᠪᠠ ᠪᠠᠶᠢᠴᠠᠭᠠᠨ ᠰᠢᠯᠭᠠᠬᠤ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠵᠦ᠂ ᠠᠮᠢᠲᠠᠨ ᠤ ᠬᠢᠵᠢᠭ ᠡᠪᠡᠳᠴᠢᠨ ᠤ ᠳᠡᠯᠭᠡᠷᠡᠬᠦ ᠶᠢ ᠪᠦᠲᠦᠮᠵᠢᠲᠡᠶ ᠬᠢᠵᠠᠭᠠᠷᠯᠠᠬᠤ᠂ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ᠂ ᠬᠥᠮᠥᠨ ᠮᠠᠯ ᠳᠤ ᠪᠦᠷ ᠲᠤᠰᠳᠠᠭ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠬᠥᠮᠥᠨ ᠤ ᠪᠡᠶ᠎ᠡ ᠶᠢᠨ ᠡᠷᠡᠭᠦᠯ ᠮᠡᠨᠳᠦ ᠶᠢ ᠪᠠᠲᠤᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠠᠮᠢᠲᠠᠨ ᠤ ᠬᠢᠵᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠶᠢᠨ ᠬᠠᠮᠲᠤ ᠪᠦᠬᠦ ᠠᠶᠢᠮᠠᠭ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠪᠡ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号