ᠰᠢᠨᠠᠪᠠᠯᠭᠠᠰᠤ ᠶᠢᠨ ᠮᠡᠳᠡᠭᠡ ᠬᠠᠨᠭ᠍ᠭᠢᠨ ᠬᠤᠰᠢᠭᠤᠨ ᠤ ᠶᠡᠭᠡᠨ᠋ᠤᠰᠤ ᠰᠤᠮᠤ ᠠᠯᠢ ᠤᠯᠠᠨ ᠠᠷᠭ᠎ᠠ ᠬᠡᠮᠵᠢᠶ᠎ᠠ | ᠠᠪᠴᠤ ᠤᠢ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠯᠳᠠ ᠪᠤᠯᠤᠨ ᠬᠠᠮᠢᠶᠠᠷᠤᠯᠳᠠ ᠶᠢ ᠴᠢᠩᠭᠠᠳᠬᠠᠵᠤ᠂ ᠤᠢ | ᠰᠢᠭᠤᠢ ᠨᠤᠳᠤᠭ ᠪᠠᠯᠴᠢᠭᠡᠷ ᠤᠨ ᠶᠠᠰᠤ ᠴᠢᠨᠠᠷ ᠪᠠ ᠠᠮᠢ ᠠᠬᠤᠢ ᠶᠢᠨ ᠰᠢᠰᠲ᠋ᠧᠮ ᠤᠨ ᠲᠤᠭᠳᠠᠪᠤᠷᠢᠳᠤ ᠴᠢᠨᠠᠷ ᠢ | ᠲᠡᠭᠡᠭᠰᠢᠯᠡᠬᠦᠯᠦᠨ ᠪᠠᠳᠤᠯᠠᠵᠦ ᠪᠤᠢ᠃ | ︽ᠤᠢ ᠰᠢᠭᠤᠢ ᠶᠢᠨ ᠲᠠᠷᠤᠭ᠎ᠠ︾ ᠶᠢᠨ ᠲᠦᠷᠢᠮ ᠢ ᠯᠠᠪᠳᠠᠭᠤᠨ ᠠᠬᠢᠭᠤᠯᠪᠠ᠃ ᠰᠤᠮᠤ ᠪᠠ ᠭᠠᠴᠠᠭ᠎ᠠ ᠬᠤᠶᠠᠷ | ᠱᠠᠲᠤᠨ ᠤ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠪᠦᠷᠢᠨᠰᠢᠬᠦᠯᠵᠤ᠂ ᠶᠠᠷᠦᠩᠭᠡᠢ ᠤᠢ ᠰᠢᠭᠤᠢ ᠶᠢᠨ | ᠲᠠᠷᠤᠭ᠎ᠠ ᠪᠠᠷ 1 ᠬᠦᠮᠦᠨ᠂ ᠲᠠᠳ᠋ ᠤᠢ ᠰᠢᠭᠤᠢ ᠶᠢᠨ ᠲᠠᠷᠤᠭ᠎ᠠ ᠪᠠᠷ 13 ᠬᠦᠮᠦᠨ᠂ ᠭᠠᠴᠠᠭᠠᠨ ᠤ ᠱᠠᠲᠤᠨ ᠤ ᠤᠢ | ᠰᠢᠭᠤᠢ ᠶᠢᠨ ᠲᠠᠷᠤᠭ᠎ᠠ ᠪᠠᠷ 12 ᠬᠦᠮᠦᠨ᠂ ᠤᠢ ᠰᠢᠭᠤᠢ ᠶᠢᠨ ᠬᠠᠮᠠᠭᠠᠯᠠᠭᠴᠢ ᠪᠠ ᠨᠤᠳᠤᠭ ᠪᠡᠯᠴᠢᠭᠡᠷ ᠤᠨ | ᠬᠠᠮᠢᠶᠠᠷᠤᠭᠴᠢ ᠪᠠᠷ 42 ᠬᠦᠮᠦᠨ ᠢ ᠲᠤᠮᠢᠯᠠᠨ ᠲᠤᠭᠳᠠᠭᠠᠵᠦ᠂ ᠤᠢ ᠰᠢᠭᠤᠢ᠂ ᠨᠤᠳᠤᠭ ᠪᠡᠯᠴᠢᠭᠡᠷ᠂ ᠨᠤᠭᠤ ᠭᠠᠵᠠᠷ | ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠪᠠ᠃ ᠵᠢᠯ ᠤᠨ | ᠡᠬᠢᠨ ᠠᠴᠠ ᠤᠳᠤ ᠪᠤᠯᠳᠠᠯ᠎ᠠ᠂ ᠨᠡᠶᠢᠲᠡ 610 ᠬᠦᠮᠦᠨ ᠤᠳᠠᠭ᠎ᠠ ᠴᠠᠭᠳᠠᠨ ᠪᠠᠶᠢᠴᠠᠭᠠᠯᠲᠠ ᠥᠷᠨᠢᠭᠦᠯᠵᠦ᠂ | ᠮᠠᠯ ᠢᠶᠠᠨ ᠲᠤᠷ᠎ᠠ ᠪᠠᠷ ᠬᠠᠰᠢᠶᠠᠨ ᠠᠴᠠ ᠪᠠᠨ ᠭᠠᠷᠭᠠᠵᠦ ᠪᠡᠯᠴᠢᠭᠡᠭᠰᠡᠨ᠂ ᠬᠤᠭ ᠨᠤᠪᠰᠢ ᠶᠢ ᠬᠡᠭᠡᠷ᠎ᠠ ᠬᠦᠳᠡᠭᠡ | ᠲᠤᠷ᠎ᠠ ᠪᠠᠷ ᠬᠡᠭᠡᠵᠦ ᠤᠪᠤᠭᠠᠯᠠᠬᠰᠠᠨ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠵᠦ ᠰᠢᠢᠳᠭᠡᠭᠰᠡᠨ ᠪᠠᠶᠢᠨ᠎ᠠ ᠃ | | ︽ ᠪᠠᠶᠢᠬᠤ ᠪᠠᠨ ᠪᠠᠳᠤᠯᠠᠵᠦ᠂ ᠬᠡᠮᠵᠢᠶ᠎ᠠ ᠪᠠᠨ ᠨᠠᠮᠡᠭᠳᠡᠬᠦᠯᠵᠦ᠂ ᠴᠢᠨᠠᠷ ᠢ ᠲᠡᠭᠡᠭᠰᠢᠯᠡᠬᠦᠯᠬᠦ︾ ᠵᠠᠷᠴᠢᠮ ᠢᠶᠠᠷ᠂ | ᠠᠮᠢ ᠠᠬᠤᠢ ᠶᠢᠨ ᠰᠢᠰᠲ᠋ᠧᠮ ᠤᠨ ᠰᠠᠶᠢᠵᠢᠷᠠᠯᠲᠠ ᠶᠢ ᠠᠬᠢᠭᠤᠯᠪᠠ᠃ ᠡᠨᠡ ᠵᠢᠯ᠂ ᠰᠣᠮᠤᠨ ᠤ ᠪᠦᠬᠦ ᠺᠠᠳ᠋ᠷ ᠠᠵᠢᠯᠳᠠᠨ | ᠨᠠᠮ ᠤᠨ ᠬᠡᠰᠢᠬᠦᠨ ᠪᠤᠯᠤᠨ ᠭᠠᠴᠠᠭᠠᠨ ᠤ 4500 ᠭᠠᠷᠤᠢ ᠮᠠᠯᠴᠢᠨ ᠲᠠᠷᠢᠶᠠᠴᠢᠨ ᠢ ᠳᠠᠶᠢᠴᠢᠯᠠᠨ ᠠᠯᠪᠠᠨ ᠵᠢᠷᠤᠮ ᠤᠨ | ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠤᠯᠵᠤ᠂ 4300 ᠰᠠᠭᠤᠷᠢ ᠮᠤᠳᠤ ᠵᠠᠶᠢᠯᠠᠵᠤ ᠂ 25.1 ᠲᠦᠮᠠᠨ | ᠰᠠᠭᠤᠷᠢ ᠪᠤᠳᠠᠯᠢᠭ ᠮᠤᠳᠤ ᠲᠠᠷᠢᠪᠠ᠃ ᠡᠭᠦᠨ ᠤ ᠬᠠᠮᠳᠤ᠂ ᠰᠠᠶᠢᠨ ᠴᠢᠨᠠᠷ ᠤᠨ ᠡᠪᠡᠰᠦ ᠲᠠᠷᠢᠬᠤ ᠲᠦᠷᠦᠯ ᠵᠦᠢᠯ ᠢ | ᠬᠡᠷᠡᠭᠵᠢᠬᠦᠯᠵᠦ᠂ 2.93 ᠲᠦᠮᠠᠨ ᠮᠦ ᠨᠢ ᠬᠢᠨᠠᠨ ᠰᠢᠯᠭᠠᠯᠳᠠ ᠳᠤ ᠬᠢᠷᠢ ᠲᠡᠩᠴᠡᠪᠠ᠃ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠪᠠ᠃ ᠤᠢ ᠰᠢᠭᠤᠢ ᠨᠤᠳᠤᠭ ᠪᠠᠯᠴᠢᠭᠡᠷ ᠤᠨ ᠭᠠᠯ | ᠲᠦᠮᠠᠷ ᠢ ᠰᠡᠷᠭᠡᠶᠢᠯᠡᠵᠦ ᠤᠨᠳᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ ᠂ ᠬᠠᠷᠢᠭᠤᠴᠠᠯᠭ᠎ᠠ ᠶᠢ | ᠭᠠᠴᠠᠭ᠎ᠠ᠂ ᠨᠡᠶᠢᠭᠡᠮ ᠲᠤᠭᠤᠷᠢᠭ ᠬᠦᠷᠳᠡᠯ᠎ᠠ ᠨᠠᠶᠢᠳᠠᠪᠤᠷᠢᠵᠢᠭᠤᠯᠪᠠ ᠃ 10 ᠰᠠᠷ᠎ᠠ ᠶᠢᠨ ᠰᠡᠬᠦᠯᠴᠢ ᠬᠦᠷᠳᠡᠯ᠎ᠠ᠂ ᠤᠢ | ᠰᠢᠭᠤᠢ ᠨᠤᠳᠤᠭ ᠪᠠᠯᠴᠢᠭᠡᠷ ᠤᠨ ᠭᠠᠯ ᠲᠦᠮᠠᠷ ᠢ ᠰᠡᠷᠭᠡᠶᠢᠯᠡᠬᠦ ᠠᠮᠤᠷ ᠲᠦᠪᠰᠢᠨ ᠤ ᠪᠤᠯᠪᠠᠰᠤᠷᠠᠯ ᠰᠤᠷᠤᠯᠴᠠᠯᠭ᠎ᠠ ᠶᠢ | 3 ᠤᠳᠠᠭ᠎ᠠ ᠦᠷᠨᠢᠬᠦᠯᠵᠦ᠂ 1 ᠤᠳᠠᠭ᠎ᠠ ᠰᠤᠷᠢᠯᠳᠠ ᠬᠢᠭᠰᠡᠨ ᠪᠠᠶᠢᠨ᠎ᠠ ᠃ | |