ᠬᠥᠯᠥᠨ ᠪᠤᠶᠢᠷ ᠬᠤᠲᠠ ᠵᠡᠷᠭᠡ 10 ᠠᠶᠢᠮᠠᠭ ᠬᠤᠲᠠ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠲᠤᠷᠰᠢᠯᠲᠠ ᠶᠢᠨ ᠲᠠᠰᠤᠭ ᠤᠨ ᠬᠢᠨᠠᠨ ᠰᠢᠯᠭᠠᠵᠤ ᠠᠪᠬᠤ ᠳᠦ ᠬᠢᠷᠢ ᠲᠡᠩᠴᠡᠭᠰᠡᠨ ᠲᠤᠬᠠᠢ ᠢᠯᠡ ᠨᠡᠢᠲᠡᠯᠡᠯ
ᠨᠡᠶᠢᠲᠡᠯᠡᠭᠰᠡᠨ ᠴᠠᠭ᠄
2022/12/23
      ︽ᠮᠠᠯ ᠡᠮᠨᠡᠯᠭᠡ ᠶᠢᠨ ᠰᠢᠰᠲ᠋ᠧᠮ ᠤᠨ ᠲᠤᠷᠰᠢᠯᠲᠠ ᠶᠢᠨ ᠲᠠᠰᠤᠭ ᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠰᠢᠰᠲ᠋ᠧᠮ ᠤᠨ ᠲᠤᠷᠰᠢᠯᠲᠠ ᠶᠢᠨ ᠲᠠᠰᠤᠭ ᠤᠨ ᠲᠤᠬᠠᠢ ᠶᠢᠨ ᠲᠠᠯᠠᠪᠤᠷ ᠤᠨ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ ᠬᠥᠬᠡᠬᠤᠲᠠ᠂ ᠪᠤᠭᠤᠲᠤ ᠬᠤᠲᠠ᠂ ᠦᠬᠠᠢ ᠬᠤᠲᠠ᠂ ᠠᠯᠠᠱᠠ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠬᠢᠨᠠᠨ ᠰᠢᠯᠭᠠᠬᠤ ᠠᠵᠢᠯ ᠬᠢᠵᠦ᠂ ᠴᠥᠮ ᠲᠤᠰᠬᠠᠢ ᠮᠡᠷᠭᠡᠵᠢᠯᠲᠡᠳ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ᠣᠯᠭᠤᠬᠤ ᠪᠠᠷ ᠪᠠᠶᠢᠨ᠎ᠠ᠃ ᠡᠳᠦᠭᠡ ᠢᠯᠡ ᠨᠡᠶᠢᠲᠡᠯᠡᠪᠡ ᠃      ᠢᠯᠡ ᠨᠡᠶᠢᠲᠡᠯᠡᠬᠦ ᠬᠤᠭᠤᠴᠠᠭ᠎ᠠ  ᠨᠢ 2022 ᠣᠨ ᠤ 12 ᠰᠠᠷ᠎ᠠ ᠶᠢᠨ 21 ᠤ ᠡᠳᠦᠷ ︱ 12 ᠰᠠᠷ᠎ᠠ ᠶᠢᠨ 27 ᠤ ᠡᠳᠦᠷ ᠪᠣᠯᠲᠠᠯ᠎ᠠ ᠃ ᠬᠡᠷᠪᠡ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ ᠬᠠᠷᠢᠭᠤ ᠳᠤᠰᠬᠠᠭᠠᠷᠠᠢ ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠤᠨ ᠵᠡᠭᠦᠨ ᠵᠡᠭᠡᠯᠢ ᠶᠢᠨ 70 ᠳ᠋ᠤᠭᠠᠷ ᠨᠣᠮᠧᠷ      ᠳᠠᠭᠠᠯᠳᠤᠭᠤᠯᠤᠯ᠄ ᠠᠶᠢᠮᠠᠭ ᠬᠤᠲᠠ ᠶᠢᠨ ᠱᠠᠲᠤᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠨ ᠰᠢᠯᠭᠠᠯᠲᠠ ᠶᠢᠨ ᠢᠯᠡ ᠨᠡᠶᠢᠲᠡᠯᠡᠭᠰᠡᠨ ᠪᠠᠶᠢᠳᠠᠯ ᠤᠨ ᠬᠦᠰᠦᠨᠦᠭᠲᠦ                             ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                            ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                    2022 ᠣᠨ ᠤ 12 ᠰᠠᠷ᠎ᠠ ᠶᠢᠨ 22 ᠤᠨ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号