《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ》 | ᠵᠡᠷᠭᠡ ᠬᠤᠯᠪᠣᠭᠳᠠᠯ ᠪᠦᠬᠦᠢ ᠲᠣᠭᠲᠠᠭᠠᠯ ᠪᠣᠯᠤᠨ 《 ᠪᠦᠬᠦ ᠤᠯᠤᠰ ᠤᠨ ᠠᠵᠢᠯ ᠡᠷᠬᠢᠯᠡᠬᠦ ᠮᠠᠯ ᠤᠨ ᠡᠮᠴᠢ ᠶᠢᠨ | ᠬᠢᠷᠢ ᠬᠡᠮ ᠤᠨ ᠰᠢᠯᠭᠠᠯᠲᠠ ᠶᠢᠨ ᠺᠣᠮᠢᠰ ᠤᠨ ᠠᠯᠪᠠᠨ ᠵᠠᠷ 》 ( ᠲᠠᠷᠢᠶᠠᠯᠠᠩ ᠡᠮᠨᠡᠯᠭᠡ ᠰᠢᠯᠭᠠᠯᠲᠠ ᠠᠯᠪᠠᠨ ᠵᠠᠷ | 29 ᠳ᠋ᠦ᠋ᠭᠡᠷ ᠲᠣᠭᠠᠲᠤ ) ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2022 ᠣᠨ ᠤ ᠪᠦᠬᠦ ᠤᠯᠤᠰ ᠤᠨ | ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠳᠠᠬᠢ ᠰᠢᠯᠭᠠᠯᠲᠠ ᠶᠢᠨ | ᠲᠣᠭᠤᠷᠢᠭ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ᠃ | ᠨᠢᠭᠡ᠂ ᠰᠢᠯᠭᠠᠯᠲᠠ ᠶᠢᠨ ᠲᠦᠷᠦᠯ ᠵᠦᠢᠯ | ᠮᠠᠯ ᠡᠮᠨᠡᠯᠭᠡ ᠶᠢᠨ ᠶᠡᠷᠦᠩᠬᠡᠶ ᠰᠠᠯᠠᠭᠠᠨ ᠤ ᠲᠥᠷᠥᠯ᠂ ᠤᠰᠤᠨ ᠤ ᠠᠮᠢᠲᠠᠨ ᠤ ᠲᠥᠷᠥᠯ | ᠬᠤᠶᠠᠷ᠂ ᠨᠡᠷ᠎ᠡ ᠮᠡᠳᠡᠭᠦᠯᠬᠦ ᠨᠥᠬᠦᠴᠡᠯ | ( ᠨᠢᠭᠡ ) ᠮᠠᠯ ᠡᠮᠨᠡᠯᠭᠡ ᠶᠢᠨ ᠶᠡᠷᠦᠩᠬᠡᠶ ᠰᠠᠯᠠᠭᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠨ | ᠰᠢᠯᠭᠠᠭᠤᠯᠬᠤ ᠲᠤᠰᠬᠠᠶ ᠮᠡᠷᠭᠡᠵᠢᠯ ᠤᠨ ᠭᠠᠷᠴᠠᠭᠯᠠᠯ ( ᠬᠥᠳᠡᠭᠡ ᠲᠣᠰᠬᠤᠨ ᠤ ᠠᠨᠠᠭᠠᠬᠤ ᠤᠬᠠᠭᠠᠨ ᠤ ᠰᠢᠯᠭᠠᠯᠲᠠ | ᠶᠢᠨ ᠠᠯᠪᠠᠨ ᠵᠠᠷ 29 ᠳ᠋ᠦ᠋ᠭᠡᠷ ᠲᠣᠭᠠᠲᠤ ) ᠳᠤ ᠨᠡᠶᠢᠴᠡᠭᠰᠡᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ | ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠤᠶᠤ ᠪᠦᠬᠦᠯᠢ ᠡᠳᠦᠷ ᠤᠨ ᠳᠦᠷᠢᠮᠲᠦ ᠳᠡᠭᠡᠳᠦ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠥᠮᠦᠰ ᠮᠠᠯ ᠡᠮᠨᠡᠯᠭᠡ ᠶᠢᠨ ᠶᠡᠷᠦᠩᠬᠡᠶ ᠰᠠᠯᠠᠭᠠᠨ ᠤ ᠲᠥᠷᠥᠯ ᠤᠨ | ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ | ( ᠬᠤᠶᠠᠷ ) ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠬᠤ | ᠲᠤᠰᠬᠠᠶ ᠮᠡᠷᠭᠡᠵᠢᠯ ᠤᠨ ᠭᠠᠷᠴᠠᠭᠯᠠᠯ ( ᠲᠠᠷᠢᠶᠠᠯᠠᠩ ᠤᠨ ᠡᠮᠨᠡᠯᠭᠡ ᠶᠢᠨ ᠰᠢᠯᠭᠠᠯᠲᠠ ᠶᠢᠨ ᠠᠯᠪᠠᠨ ᠵᠠᠷ 29 ᠳ᠋ᠦ᠋ᠭᠡᠷ | ᠲᠣᠭᠠᠲᠤ ) ᠳᠤ ᠨᠡᠶᠢᠴᠡᠭᠰᠡᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠪᠤᠶᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠬᠥᠮᠦᠰ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ | | ( ᠭᠤᠷᠪᠠ ) 2009 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠮᠠᠯ ᠤᠨ ᠡᠮᠴᠢ ᠠᠴᠠ ᠳᠡᠭᠡᠭᠰᠢ | ᠲᠤᠰᠬᠠᠢ ᠮᠡᠷᠭᠡᠵᠢᠯ ᠤᠨ ᠴᠣᠯᠠ ᠲᠠᠢ ᠬᠥᠮᠦᠨ ᠮᠠᠯ ᠤᠨ ᠡᠮᠴᠢ ᠶᠢᠨ ᠶᠡᠷᠦᠩᠬᠡᠢ ᠰᠠᠯᠠᠭᠠᠨ ᠤ ᠲᠦᠷᠦᠯ ᠤᠨ | ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ ᠃ | ( ᠳᠥᠷᠪᠡ ) 2012 ᠣᠨ ᠠᠴᠠ ᠡᠮᠦᠨ᠎ᠡ ( 2012 ᠣᠨ ᠢ ᠪᠠᠭᠲᠠᠭᠠᠨ᠎ᠠ ) ᠬᠠᠤᠯᠢ ᠶᠣᠰᠣᠭᠠᠷ | ᠳᠠᠩᠰᠠᠯᠠᠭᠤᠯᠤᠭᠰᠠᠨ ᠬᠥᠳᠡᠭᠡ ᠲᠣᠰᠬᠤᠨ ᠤ ᠮᠠᠯ ᠤᠨ ᠡᠮᠴᠢ ᠮᠠᠯ ᠤᠨ ᠡᠮᠴᠢ ᠶᠢᠨ ᠶᠡᠷᠦᠩᠬᠡᠶ ᠰᠠᠯᠠᠭᠠᠨ ᠤ ᠲᠥᠷᠥᠯ | ᠪᠤᠶᠤ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ | ᠭᠤᠷᠪᠠ᠂ ᠨᠡᠷ᠎ᠡ ᠮᠡᠳᠡᠭᠦᠯᠬᠦ ᠠᠷᠭ᠎ᠠ ᠬᠡᠯᠪᠡᠷᠢ ᠪᠠ ᠴᠠᠭ ᠬᠤᠭᠤᠴᠠᠭ᠎ᠠ | ᠪᠥᠬᠦ ᠤᠯᠤᠰ ᠤᠨ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢ ᠰᠠᠭᠤᠷᠢ ᠮᠡᠳᠡᠯᠭᠡ ᠂ | ᠤᠷᠢᠳᠴᠢᠯᠠᠬᠰᠠᠨ ᠰᠡᠷᠭᠡᠶᠢᠯᠡᠯᠳᠡ ᠂ ᠡᠮᠴᠢᠯᠡᠭᠡ ᠪᠠ ᠶᠡᠷᠦᠩᠬᠡᠶᠢᠯᠡᠭᠰᠡᠨ ᠬᠡᠷᠡᠭᠯᠡᠭᠡ ᠵᠡᠷᠭᠡ 4 ᠬᠢᠴᠢᠶᠡᠯ ᠲᠥᠷᠥᠯ ᠢᠶᠠᠷ | ᠬᠤᠪᠢᠶᠠᠨ᠎ᠠ ᠂ ᠨᠡᠷ᠎ᠡ ᠮᠡᠳᠡᠭᠦᠯᠦᠭᠰᠡᠳ ᠪᠥᠬᠦ 4 ᠬᠢᠴᠢᠶᠡᠯ ᠲᠥᠷᠥᠯ ᠢ ᠰᠣᠩᠭᠤᠨ ᠨᠡᠷ᠎ᠡ ᠮᠡᠳᠡᠭᠦᠯᠵᠦ ᠪᠣᠯᠤᠨ᠎ᠠ᠂ | ᠪᠠᠰᠠ ᠬᠡᠰᠡᠭ ᠬᠢᠴᠢᠶᠡᠯ ᠲᠦᠷᠦᠯ ( 1 - 3 ᠬᠢᠴᠢᠶᠡᠯ ᠲᠥᠷᠥᠯ ) ᠢ ᠰᠣᠩᠭᠤᠨ ᠨᠡᠷ᠎ᠡ ᠮᠡᠳᠡᠭᠦᠯᠵᠦ ᠪᠣᠯᠤᠨ᠎ᠠ᠃ | ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠨᠤᠳᠠᠯᠠᠬᠤ ᠠᠷᠭ᠎ᠠ | ᠶᠢ ᠬᠡᠷᠡᠭᠯᠡᠨ᠎ᠡ᠃ ᠨᠡᠷ᠎ᠡ ᠮᠡᠳᠡᠭᠦᠯᠦᠭᠰᠡᠳ ᠺᠣᠮᠫᠢᠦ᠋ᠲ᠋ᠧᠷ ᠢᠶᠠᠷ ᠳᠤᠮᠳᠠᠳᠤ ᠤᠯᠤᠰ ᠤᠨ ᠮᠠᠯ ᠡᠮᠨᠡᠯᠭᠡ ᠶᠢᠨ ᠰᠦᠯᠵᠢᠶ᠎ᠡ | ( www.cadc.net.cn ) ᠳᠤ ᠭᠠᠷᠴᠤ᠂ 《ᠠᠵᠢᠯ ᠡᠷᠭᠢᠯᠡᠬᠦ ᠮᠠᠯ ᠤᠨ ᠡᠮᠴᠢ ᠶᠢᠨ ᠲᠤᠰᠬᠠᠶ ᠪᠤᠯᠤᠩ》 | ᠳᠤ ᠣᠷᠣᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠨᠤᠳᠠᠯᠠᠬᠤ ᠂ ᠰᠢᠯᠭᠠᠯᠲᠠ ᠶᠢᠨ | ᠰᠦᠶᠳᠬᠡᠯ ᠲᠤᠰᠢᠶᠠᠬᠤ᠂ ᠰᠢᠯᠭᠠᠭᠤᠯᠬᠤ ᠦᠨᠡᠮᠯᠡᠯ ᠳᠠᠷᠤᠮᠠᠯᠯᠠᠬᠤ᠂ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠬᠤ | ᠵᠡᠷᠭᠡ ᠰᠢᠯᠭᠠᠯᠲᠠ ᠳᠤ ᠬᠤᠯᠪᠣᠭᠳᠠᠬᠤ ᠠᠵᠢᠯᠯᠠᠭ᠎ᠠ ᠭᠦᠢᠴᠡᠳᠭᠡᠨ᠎ᠡ ᠃ | ( ᠨᠢᠭᠡ ) ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠤᠭᠤᠴᠠᠭ᠎ᠠ ᠨᠢ 2 ᠰᠠᠷ᠎ᠠ ᠶᠢᠨ 28 ᠤ ᠡᠳᠦᠷ ᠠᠴᠠ 3 ᠰᠠᠷ᠎ᠠ ᠶᠢᠨ 11 | ᠤ ᠡᠳᠦᠷ ᠪᠤᠯᠳᠠᠯ᠎ᠠ ᠃ ᠨᠡᠷ᠎ᠡ ᠮᠡᠳᠡᠭᠦᠯᠦᠭᠰᠡᠳ《 2022 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ | ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠰᠢᠯᠭᠠᠭᠤᠯᠤᠭᠴᠢ ᠶᠢᠨ ᠵᠢᠯᠣᠭᠤᠳᠤᠮᠵᠢ ᠶᠢᠨ ᠭᠠᠷ ᠳᠡᠪᠲᠡᠷ 》 ᠢ | ᠨᠠᠷᠢᠨ ᠬᠢᠨᠠᠮᠠᠭᠠᠶ ᠤᠩᠰᠢᠵᠤ᠂ ᠠᠵᠢᠯᠯᠠᠬᠤ ᠨᠠᠷᠢᠨ ᠶᠠᠪᠤᠴᠠ ᠶᠢ ᠤᠶᠢᠯᠠᠭᠠᠬᠤ ᠬᠡᠷᠡᠭᠲᠡᠶ᠃ ᠨᠡᠷ᠎ᠡ ᠮᠡᠳᠡᠭᠦᠯᠦᠭᠰᠡᠳ | ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠣᠨᠣᠪᠴᠢᠲᠠᠶ ᠲᠠᠭᠯᠠᠨ ᠮᠡᠳᠡᠭᠦᠯᠵᠦ᠂ ᠰᠣᠷᠣᠭᠰᠠᠨ | ᠲᠤᠰᠬᠠᠶ ᠮᠡᠷᠭᠡᠵᠢᠯ ᠤᠨ ᠢᠶᠠᠨ ᠨᠡᠷ᠎ᠡ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠨᠤᠲᠠᠯᠠᠬᠤ ᠶᠢᠨ ᠬᠠᠮᠲᠤ | ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠠᠮᠠᠯᠠᠯᠲᠠ ᠬᠢᠬᠦ ᠬᠡᠷᠡᠭᠲᠡᠶ᠃ ᠬᠤᠭᠤᠴᠠᠭ᠎ᠠ ᠦᠩᠭᠡᠷᠡᠲᠡᠯ᠎ᠡ ᠨᠡᠷ᠎ᠡ | ᠮᠡᠳᠡᠭᠦᠯᠦᠭᠰᠡᠨ ᠥᠬᠡᠶ ᠪᠣᠶᠣ ᠨᠤᠲᠠᠯᠠᠭᠰᠠᠨ ᠥᠬᠡᠶ ᠬᠥᠮᠦᠰ ᠢ ᠨᠡᠷ᠎ᠡ ᠮᠡᠳᠡᠭᠦᠯᠬᠦ ᠬᠢᠷᠢ ᠬᠡᠮ ᠢᠶᠠᠨ ᠦᠪᠡᠷ ᠤᠨ | ᠳᠤᠷ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | 1 . ᠰᠤᠷᠤᠯᠭ᠎ᠠ ᠶᠢᠨ ᠨᠠᠮᠲᠠᠷ ᠢᠶᠠᠷ ᠢᠶᠠᠨ ᠨᠡᠷ᠎ᠡ ᠮᠡᠳᠡᠭᠦᠯᠦᠭᠰᠡᠳ | ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠠᠴᠠ ᠪᠠᠨ ᠡᠮᠦᠨ᠎ᠡ ᠳᠤᠮᠳᠠᠳᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ( ᠳᠣᠷᠣᠭᠰᠢ 《ᠰᠤᠷᠤᠭᠴᠢ ᠶᠢᠨ | ᠮᠡᠳᠡᠭᠡ ᠵᠠᠩᠭᠢ ᠶᠢᠨ ᠰᠦᠯᠵᠢᠶ᠎ᠡ》 ᠭᠡᠵᠦ ᠲᠣᠪᠴᠢᠯᠠᠨ᠎ᠠ ) ᠳᠤ ᠥᠪᠡᠰᠦᠪᠡᠨ ᠭᠠᠷᠴᠤ᠂ ᠥᠪᠡᠷ ᠤᠨ ᠰᠤᠷᠤᠯᠭ᠎ᠠ | ᠶᠢᠨ ᠨᠠᠮᠲᠠᠷ ᠤᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠬᠡᠷᠡᠭᠲᠡᠶ᠃ | ( 1 ) ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠪᠠᠨ ᠰᠤᠷᠤᠭᠴᠢ ᠶᠢᠨ ᠮᠡᠳᠡᠭᠡ ᠵᠠᠩᠭᠢ ᠶᠢᠨ | ᠰᠦᠯᠵᠢᠶ᠎ᠡ ᠠᠴᠠ ᠪᠠᠶᠢᠴᠠᠭᠠᠨ ᠣᠯᠵᠤ ᠪᠣᠯᠬᠤ ᠬᠥᠮᠦᠰ᠂ ᠨᠡᠷ᠎ᠡ ᠮᠡᠳᠡᠭᠦᠯᠬᠦ ᠦᠶ᠎ᠡ ᠳᠤ ᠰᠤᠷᠤᠯᠭ᠎ᠠ ᠶᠢᠨ ᠨᠠᠮᠲᠠᠷ ᠤᠨ | ᠮᠡᠳᠡᠭᠡ ᠵᠠᠩᠭᠢ ᠳᠤ ᠵᠥᠪᠬᠡᠨ ᠲᠡᠭᠦᠰᠬᠦ ᠦᠨᠡᠮᠯᠡᠯ ( ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ ) ᠤᠨ ᠳ᠋ᠤᠭᠠᠷ ᠢᠶᠠᠨ | ᠲᠠᠭᠯᠠᠪᠠᠯ ᠪᠣᠯᠴᠢᠬᠠᠨ᠎ᠠ ᠃ ᠬᠡᠷᠪᠡ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠳᠡᠭᠡ ᠵᠠᠩᠭᠢ ᠨᠢ ᠲᠣᠰ | ᠬᠥᠮᠦᠨ ᠤ ᠰᠤᠷᠤᠯᠭ᠎ᠠ ᠲᠡᠭᠦᠰᠦᠭᠰᠡᠨ ᠦᠨᠡᠮᠯᠡᠯ ( ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ ) ᠲᠠᠢ ᠨᠡᠶᠢᠴᠡᠬᠦ | ᠥᠬᠡᠶ ᠪᠠᠶᠢᠪᠠᠯ᠂ ᠨᠡᠷ᠎ᠡ ᠮᠡᠳᠡᠭᠦᠯᠬᠦ ᠬᠤᠭᠤᠴᠠᠭ᠎ᠠ ᠳᠠᠭᠤᠰᠬᠤ ᠠᠴᠠ ᠡᠮᠦᠨ᠎ᠡ ᠥᠪᠡᠰᠦᠪᠡᠨ ᠲᠡᠭᠦᠰᠦᠭᠰᠡᠨ ᠶᠡᠭᠡ | ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ | ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ᠃ | ( 2 ) ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠪᠠᠨ ᠰᠤᠷᠤᠭᠴᠢ ᠶᠢᠨ ᠮᠡᠳᠡᠭᠡ ᠵᠠᠩᠭᠢ ᠶᠢᠨ | ᠰᠦᠯᠵᠢᠶ᠎ᠡ ᠠᠴᠠ ᠪᠠᠶᠢᠴᠠᠭᠠᠨ ᠯᠠᠪᠯᠠᠬᠤ ᠶᠢᠨ ᠠᠷᠭ᠎ᠠ ᠥᠬᠡᠶ ᠬᠥᠮᠦᠰ ᠨᠡᠷ᠎ᠡ ᠮᠡᠳᠡᠭᠦᠯᠬᠦ ᠳᠤ ᠪᠠᠨ ᠲᠡᠭᠦᠰᠬᠦ ᠦᠨᠡᠮᠯᠡᠯ | ( ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ ) ᠲᠠᠢ ᠪᠠᠨ ᠨᠢᠭᠡᠳᠦᠭᠰᠡᠨ ᠬᠠᠮᠢᠶ᠎ᠠ ᠪᠥᠬᠦᠶ ᠮᠡᠳᠡᠭᠡ ᠵᠠᠩᠭᠢ ᠪᠠᠨ | ᠲᠠᠭᠯᠠᠵᠤ᠂ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠢᠶᠠᠨ | ᠳᠡᠭᠡᠭᠰᠢ ᠳᠠᠮᠵᠢᠭᠤᠯᠬᠤ ᠬᠡᠷᠡᠭᠲᠡᠶ᠃ ᠡᠭᠦᠨ ᠤ ᠬᠠᠮᠲᠤ ᠪᠠᠰᠠ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ | ᠶᠢᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠢᠶᠠᠷ ᠳᠡᠮᠵᠢᠨ ᠣᠯᠤᠭᠰᠠᠨ《 ᠳᠤᠮᠳᠠᠳᠤ ᠤᠯᠤᠰ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ》 ᠪᠠᠨ | ᠳᠠᠮᠵᠢᠭᠤᠯᠬᠤ ᠬᠡᠷᠡᠭᠲᠡᠢ ᠂ ᠭᠡᠷᠡᠴᠢᠯᠡᠯ ᠤᠨ ᠮᠡᠳᠡᠭᠦᠯᠦᠯᠲᠡ ᠨᠢ ᠣᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ | ᠪᠤᠶᠤ ᠡᠯᠧᠺᠲᠷᠣᠨ ᠬᠡᠪᠯᠡᠯ ᠤᠨ ᠭᠡᠷᠡᠴᠢᠯᠡᠯ ᠤᠨ ᠮᠡᠳᠡᠭᠦᠯᠦᠯᠲᠡ ᠪᠠᠶᠢᠬᠤ ᠬᠡᠷᠡᠭᠲᠡᠶ ︔ ᠬᠡᠷᠪᠡ 《 ᠳᠤᠮᠳᠠᠳᠤ ᠤᠯᠤᠰ | ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ | ᠮᠡᠳᠡᠭᠦᠯᠦᠯᠲᠡ》 ᠶᠢ ᠣᠯᠤᠭᠰᠠᠨ ᠥᠬᠡᠶ ᠪᠣᠯ ᠲᠡᠭᠦᠰᠬᠦ ᠦᠨᠡᠮᠯᠡᠯ ( ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ ) | ᠤᠨ ᠣᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠢ ᠳᠠᠮᠵᠢᠭᠤᠯᠬᠤ ᠬᠡᠷᠡᠭᠲᠡᠢ ᠃ | ( 3 ) ᠤᠯᠤᠰ ( ᠬᠢᠯᠢ ) ᠤᠨ ᠭᠠᠳᠠᠨᠠᠬᠢ ᠰᠤᠷᠤᠯᠭ᠎ᠠ ᠶᠢᠨ ᠨᠠᠮᠲᠠᠷ ᠢ ᠣᠯᠤᠭᠰᠠᠨ ᠪᠠᠶᠢᠪᠠᠯ᠂ ᠨᠡᠷ᠎ᠡ | ᠮᠡᠳᠡᠭᠦᠯᠬᠦ ᠳᠤ ᠪᠠᠨ ᠲᠡᠭᠦᠰᠦᠭᠰᠡᠨ ᠰᠤᠷᠭᠠᠭᠤᠯᠢ ᠶᠢᠨ ᠮᠡᠳᠡᠭᠡ ᠵᠠᠩᠭᠢ ᠪᠠᠨ ᠲᠠᠭᠯᠠᠨ ᠪᠢᠴᠢᠬᠦ ᠶᠢᠨ ᠬᠠᠮᠲᠤ ᠰᠤᠷᠭᠠᠨ | ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠶᠯᠡᠴᠢᠯᠡᠭᠡᠨ ᠤ ᠲᠥᠪ ᠤᠨ ᠭᠠᠷᠭᠠᠭᠰᠠᠨ ᠰᠤᠷᠤᠯᠭ᠎ᠠ | ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠪᠢᠴᠢᠭ ᠢ ᠳᠡᠭᠡᠭᠰᠢ ᠳᠠᠮᠵᠢᠭᠤᠯᠤᠨ᠎ᠠ᠂ ᠭᠡᠷᠡᠴᠢᠯᠡᠯ ᠤᠨ | ᠪᠢᠴᠢᠭ ᠨᠢ ᠣᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠪᠤᠶᠤ ᠡᠯᠧᠺᠲᠷᠣᠨ ᠬᠡᠪᠯᠡᠯ ᠤᠨ ᠭᠡᠷᠡᠴᠢᠯᠡᠯ ᠤᠨ | ᠪᠢᠴᠢᠭ ᠪᠠᠶᠢᠬᠤ ᠬᠡᠷᠡᠭᠲᠡᠶ᠃ | 2 . ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ | ᠨᠡᠷ᠎ᠡ ᠮᠡᠳᠡᠭᠦᠯᠬᠦ ᠬᠥᠮᠦᠰ ᠺᠣᠮᠫᠢᠦ᠋ᠲ᠋ᠧᠷ ᠢᠶᠠᠷ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶᠡᠨ ᠤ | 《ᠰᠤᠷᠤᠯᠭ᠎ᠠ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ》 ᠪᠤᠯᠤᠩ ᠳᠤ ᠭᠠᠷᠴᠤ᠂ ᠲᠣᠰ ᠬᠥᠮᠦᠨ ᠤ | 《ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ | ᠮᠡᠳᠡᠭᠦᠯᠦᠯᠲᠡ》 ᠶᠢᠨ PDF ᠪᠢᠴᠢᠭ ᠮᠠᠲ᠋ᠧᠷᠢᠶᠠᠯ ᠢ ᠪᠠᠭᠤᠯᠭᠠᠨ ᠠᠪᠴᠤ᠂ ᠰᠢᠯᠭᠠᠯᠲᠠ ᠶᠢᠨ ᠨᠡᠷ᠎ᠡ ᠮᠡᠳᠡᠭᠦᠯᠬᠦ | ᠰᠢᠰᠲ᠋ᠧᠮ ᠳᠤ ᠳᠠᠮᠵᠢᠭᠤᠯᠬᠤ ᠬᠡᠷᠡᠭᠲᠡᠶ᠃ ᠺᠣᠮᠫᠢᠦ᠋ᠲ᠋ᠧᠷ ᠤᠨ ᠬᠦᠰᠢᠭᠡᠨ ᠤ ᠤᠭᠲᠤᠯᠤᠭᠠᠰᠤ ᠭᠡᠷᠡᠯ ᠵᠢᠷᠤᠭ᠂ ᠭᠠᠷ | ᠤᠲᠠᠰᠤ ᠶᠢᠨ ᠤᠭᠲᠤᠯᠤᠭᠠᠰᠤ ᠭᠡᠷᠡᠯ ᠵᠢᠷᠤᠭ ᠂ ᠭᠠᠷ ᠤᠲᠠᠰᠤ ᠪᠠᠷ ᠰᠡᠭᠦᠳᠡᠷᠯᠡᠭᠰᠡᠨ ᠭᠡᠷᠡᠯ ᠵᠢᠷᠤᠭ ᠂ ᠭᠡᠷᠡᠯ | ᠵᠢᠷᠤᠭ ᠢ PDF ᠬᠡᠯᠪᠡᠷᠢ ᠪᠣᠯᠭᠠᠨ ᠬᠤᠪᠢᠷᠠᠭᠤᠯᠤᠬᠰᠠᠨ ᠵᠡᠷᠭᠡ ᠪᠢᠴᠢᠭ ᠮᠠᠲ᠋ᠧᠷᠢᠶᠠᠯ ᠤᠨ ᠬᠡᠯᠪᠡᠷᠢ ᠶᠢ | ᠵᠥᠪᠰᠢᠶᠡᠷᠡᠬᠦ ᠥᠬᠡᠶ᠃ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠭᠠᠳᠠᠨᠠᠬᠢ ᠠᠷᠭ᠎ᠠ ᠵᠠᠮ ᠢᠶᠠᠷ | ᠣᠯᠣᠭᠰᠠᠨ ᠰᠤᠷᠤᠯᠭ᠎ᠠ ᠶᠢᠨ ᠨᠠᠮᠲᠠᠷ ᠤᠨ ᠮᠡᠳᠡᠭᠦᠯᠦᠯᠲᠡ ᠪᠣᠶᠣ ᠭᠡᠷᠡᠴᠢ ᠪᠢᠴᠢᠭ ᠢ ᠵᠥᠪᠰᠢᠶᠡᠷᠡᠬᠦ ᠥᠬᠡᠶ᠃ | 3 . ᠮᠡᠷᠭᠡᠵᠢᠯ ᠤᠨ ᠴᠣᠯᠠ ᠪᠠᠷ ᠢᠶᠠᠨ ᠨᠡᠷ᠎ᠡ ᠮᠡᠳᠡᠭᠦᠯᠦᠭᠰᠡᠳ | ᠨᠡᠷ᠎ᠡ ᠮᠡᠳᠡᠭᠦᠯᠦᠭᠰᠡᠳ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠳᠤ ᠪᠠᠨ ᠡᠷᠬᠡᠪᠰᠢ ᠮᠡᠷᠭᠡᠵᠢᠯ ᠤᠨ ᠴᠣᠯᠠ | ᠶᠢᠨ ᠦᠨᠡᠮᠯᠡᠯ ᠲᠠᠢ ᠪᠠᠨ ᠨᠢᠭᠡᠳᠦᠭᠰᠡᠨ ᠲᠤᠰᠬᠠᠶ ᠮᠡᠷᠭᠡᠵᠢᠯ ᠤᠨ ᠴᠣᠯᠠ ᠶᠢᠨ ᠲᠠᠰ ᠳᠠᠪᠬᠤᠷᠭ᠎ᠠ ᠵᠢᠴᠢ ᠮᠡᠷᠭᠡᠵᠢᠯ | ᠤᠨ ᠴᠣᠯᠠ ᠣᠯᠤᠭᠰᠠᠨ ᠴᠠᠭ ᠢ ᠰᠣᠩᠭᠤᠬᠤ ᠶᠢᠨ ᠬᠠᠮᠲᠤ ᠮᠡᠷᠭᠡᠵᠢᠯ ᠤᠨ ᠴᠣᠯᠠ ᠶᠢᠨ ᠦᠨᠡᠮᠯᠡᠯ ᠤᠨ ᠪᠥᠬᠦ | ᠲᠤᠳᠤᠷ ᠨᠢᠭᠤᠷ ᠤᠨ ᠤᠤᠯ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠶ᠃ | 4 . ᠬᠥᠳᠡᠭᠡ ᠲᠣᠰᠬᠤᠨ ᠤ ᠮᠠᠯ ᠤᠨ ᠡᠮᠴᠢ | ᠨᠡᠷ᠎ᠡ ᠮᠡᠳᠡᠭᠦᠯᠬᠦ ᠦᠶ᠎ᠡ ᠳᠤ ᠰᠢᠰᠲ᠋ᠧᠮ ᠠᠴᠠ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠨᠣᠮᠧᠷ ᠢ | ᠦᠨᠳᠦᠰᠦᠯᠡᠨ᠂ ᠨᠡᠷ᠎ᠡ ᠮᠡᠳᠡᠭᠦᠯᠦᠭᠰᠡᠳ ᠤᠨ ᠪᠥᠬᠦ ᠤᠯᠤᠰ ᠤᠨ ᠮᠠᠯ ᠡᠮᠨᠡᠯᠭᠡ ᠶᠢᠨ ᠡᠩᠨᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠳᠤ ᠳᠠᠩᠰᠠᠯᠠᠭᠤᠯᠤᠭᠰᠠᠨ ᠡᠰᠡᠬᠦ᠂ ᠳᠠᠩᠰᠠᠯᠠᠭᠤᠯᠤᠭᠰᠠᠨ ᠣᠨ ᠵᠢᠯ ᠨᠢ ᠨᠡᠷ᠎ᠡ | ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠠᠷᠭᠤᠭᠤᠯᠤᠨ᠎ᠠ᠃ ᠬᠡᠷᠪᠡ ᠰᠢᠰᠲ᠋ᠧᠮ ᠤᠨ ᠪᠠᠶᠢᠴᠠᠭᠠᠨ | ᠯᠠᠪᠯᠠᠭᠰᠠᠨ ᠦᠷ᠎ᠡ ᠳ᠋ᠦᠩ ᠨᠢ ᠳᠠᠩᠰᠠᠯᠠᠭᠤᠯᠤᠭᠰᠠᠨ ᠥᠬᠡᠶ ᠪᠤᠶᠤ ᠳᠠᠩᠰᠠᠯᠠᠭᠤᠯᠤᠭᠰᠠᠨ ᠣᠨ ᠵᠢᠯ ᠨᠢ ᠨᠡᠷ᠎ᠡ | ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠥᠬᠡᠶ ᠭᠡᠰᠡᠨ ᠪᠠᠶᠢᠪᠠᠯ ᠨᠡᠷ᠎ᠡ ᠮᠡᠳᠡᠭᠦᠯᠬᠦ ᠶᠢ ᠵᠦᠪᠰᠢᠶᠡᠷᠡᠭᠰᠡᠨ ᠥᠬᠡᠶ ᠪᠠᠷ | ᠪᠤᠳᠤᠨ᠎ᠠ᠃ | ( ᠬᠤᠶᠠᠷ ) ᠰᠦᠯᠵᠢᠶᠡᠨ ᠳᠡᠭᠡᠷ᠎ᠡ ᠨᠤᠲᠠᠯᠠᠬᠤ | ᠨᠡᠷ᠎ᠡ ᠮᠡᠳᠡᠭᠦᠯᠦᠭᠰᠡᠳ 5 ᠰᠠᠷ᠎ᠠ ᠶᠢᠨ 5 ᠤ ᠡᠳᠦᠷ ᠠᠴᠠ ᠰᠡᠭᠦᠯᠡᠷ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠭᠰᠠᠨ | ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃ ᠤᠷᠢᠳᠴᠢᠯᠠᠭᠰᠠᠨ ᠬᠢᠨᠠᠯᠲᠠ ᠳᠤ ᠵᠦᠪᠰᠢᠶᠡᠷᠡᠭᠳᠡᠭᠰᠡᠨ ᠦᠭᠡᠶ | ᠬᠥᠮᠦᠰ 5 ᠰᠠᠷ᠎ᠠ ᠶᠢᠨ 5 ᠤ ᠡᠳᠦᠷ ᠠᠴᠠ 7 ᠤ ᠡᠳᠦᠷ ᠤᠨ ᠬᠤᠭᠤᠷᠤᠨᠳᠤ ᠰᠠᠨᠠᠭᠤᠯᠤᠮᠵᠢ ᠶᠢᠨ ᠱᠠᠭᠠᠷᠳᠠᠯᠭ᠎ᠠ | ᠶᠣᠰᠣᠭᠠᠷ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠨ ᠳᠠᠬᠢᠨ ᠳᠡᠭᠡᠭᠰᠢ ᠳᠠᠮᠵᠢᠭᠤᠯᠵᠤ ᠪᠣᠯᠤᠨ᠎ᠠ ᠃ | ᠳᠥᠷᠪᠡ᠂ ᠰᠢᠯᠭᠠᠯᠲᠠ ᠶᠢᠨ ᠰᠦᠶᠳᠬᠡᠯ ᠲᠤᠰᠢᠶᠠᠬᠤ ᠪᠠᠷᠢᠮᠵᠢᠶ᠎ᠠ ᠵᠢᠴᠢ ᠠᠷᠭ᠎ᠠ ᠬᠡᠯᠪᠡᠷᠢ | ᠨᠡᠷ᠎ᠡ ᠮᠡᠳᠡᠭᠦᠯᠦᠭᠰᠡᠳ 5 ᠰᠠᠷ᠎ᠠ ᠶᠢᠨ 20 ᠤ ᠡᠳᠦᠷ ᠠᠴᠠ ᠰᠡᠭᠦᠯᠡᠷ ᠬᠢᠨᠠᠨ ᠬᠠᠷᠭᠤᠭᠤᠯᠤᠭᠰᠠᠨ ᠦᠷ᠎ᠡ | ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠂ ᠬᠢᠨᠠᠨ ᠬᠠᠷᠭᠤᠭᠤᠯᠤᠭᠠᠳ ᠵᠦᠪᠰᠢᠶᠡᠷᠡᠭᠳᠡᠭᠰᠡᠨ ᠬᠦᠮᠦᠰ 5 ᠰᠠᠷ᠎ᠠ | ᠶᠢᠨ 23 ᠤ ᠡᠳᠦᠷ ᠠᠴᠠ 27 ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠵᠤ ᠪᠣᠯᠤᠨ᠎ᠠ᠃ | ᠬᠤᠭᠤᠴᠠᠭ᠎ᠠ ᠬᠡᠲᠦᠷᠡᠲᠡᠯ᠎ᠡ ᠰᠦᠢᠳᠬᠡᠯ ᠲᠤᠰᠢᠶᠠᠭᠰᠠᠨ ᠦᠭᠡᠢ ᠪᠠᠶᠢᠪᠠᠯ᠂ ᠨᠡᠷ᠎ᠡ ᠮᠡᠳᠡᠭᠦᠯᠬᠦ ᠬᠢᠷᠢ ᠬᠡᠮ ᠢᠶᠠᠨ | ᠦᠪᠡᠷ ᠤᠨ ᠳᠤᠷ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ ᠬᠢᠨᠠᠨ | ᠲᠣᠭᠲᠠᠭᠠᠯᠭᠠᠵᠤ ᠵᠥᠪᠰᠢᠶᠡᠷᠡᠭᠦᠯᠦᠭᠡᠳ᠂ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠄ ᠮᠠᠯ ᠡᠮᠨᠡᠯᠭᠡ | ᠶᠢᠨ ᠶᠡᠷᠦᠩᠬᠡᠶ ᠰᠠᠯᠠᠭᠠᠨ ᠤ ᠲᠥᠷᠥᠯ ᠨᠢ ᠬᠥᠮᠦᠨ ᠪᠦᠷᠢ ᠬᠢᠴᠢᠶᠡᠯ ᠪᠦᠷᠢ ᠳᠤ 61 ᠲᠥᠭᠦᠷᠢᠭ ︔ ᠤᠰᠤᠨ ᠤ | ᠠᠮᠢᠲᠠᠨ ᠤ ᠲᠥᠷᠥᠯ ᠨᠢ ᠬᠥᠮᠦᠨ ᠪᠦᠷᠢ ᠬᠢᠴᠢᠶᠡᠯ ᠪᠦᠷᠢ ᠳᠤ 70 ᠲᠥᠭᠦᠷᠢᠭ ᠢᠶᠠᠷ ᠲᠤᠭᠲᠠᠭᠠᠪᠠ ᠃ | ᠲᠠᠪᠤ᠂ ᠰᠢᠯᠭᠠᠭᠤᠯᠬᠤ ᠦᠨᠡᠮᠯᠡᠯ ᠢ ᠳᠠᠷᠤᠮᠠᠯᠯᠠᠬᠤ | ᠨᠡᠷ᠎ᠡ ᠮᠡᠳᠡᠭᠦᠯᠦᠭᠰᠡᠳ 7 ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯ᠎ᠠ ᠰᠢᠯᠭᠠᠭᠤᠯᠬᠤ ᠶᠢ | ᠵᠥᠪᠰᠢᠶᠡᠷᠡᠭᠰᠡᠨ ᠦᠨᠡᠮᠯᠡᠯ ᠢᠶᠠᠨ ᠥᠪᠡᠰᠦᠪᠡᠨ ᠳᠠᠷᠤᠮᠠᠯᠯᠠᠵᠤ ᠪᠣᠯᠤᠨ᠎ᠠ᠃ | ᠵᠢᠷᠭᠤᠭ᠎ᠠ᠂ ᠰᠢᠯᠭᠠᠬᠤ ᠴᠠᠭ ᠪᠠ ᠠᠷᠭ᠎ᠠ ᠬᠡᠯᠪᠡᠷᠢ | ᠰᠢᠯᠭᠠᠯᠲᠠ ᠶᠢᠨ ᠴᠠᠭ ᠨᠢ 7 ᠰᠠᠷ᠎ᠠ ᠶᠢᠨ 17 ᠤ ᠡᠳᠦᠷ᠃ | ᠰᠠᠭᠤᠷᠢ ᠮᠡᠳᠡᠯᠭᠡ ᠶᠢᠨ ᠬᠢᠴᠢᠶᠡᠯ ᠲᠦᠷᠦᠯ ᠄ ᠦᠳᠡ ᠶᠢᠨ ᠡᠮᠦᠨ᠎ᠡ ᠶᠢᠨ 8᠄ 30 - 9᠄ 30 ︔ | ᠤᠷᠢᠳᠴᠢᠯᠠᠬᠰᠠᠨ ᠰᠡᠷᠭᠡᠶᠢᠯᠡᠯᠳᠡ ᠶᠢᠨ ᠬᠢᠴᠢᠶᠡᠯ ᠲᠦᠷᠦᠯ ᠄ ᠦᠳᠡ ᠶᠢᠨ ᠡᠮᠦᠨ᠎ᠡ ᠶᠢᠨ 11᠄ 00 - 12 | ᠄ 00 ︔ | ᠡᠮᠴᠢᠯᠡᠭᠡᠨ ᠤ ᠬᠢᠴᠢᠶᠡᠯ ᠲᠦᠷᠦᠯ ᠄ ᠦᠳᠡ ᠶᠢᠨ ᠬᠤᠶᠢᠨ᠎ᠠ ᠶᠢᠨ 2᠄ 00 - 3᠄ 00 ︔ | ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠦᠷᠦᠯ ᠄ ᠦᠳᠡ ᠶᠢᠨ ᠬᠤᠶᠢᠨ᠎ᠠ ᠶᠢᠨ 4᠄ 30 - 5᠄ 30᠃ | | ᠰᠢᠯᠭᠠᠯᠲᠠ ᠶᠢᠨ ᠬᠡᠯᠪᠡᠷᠢ ᠨᠢ ᠬᠠᠭᠠᠯᠲᠠ ᠲᠠᠢ᠂ ᠺᠣᠮᠫᠢᠦ᠋ᠲ᠋ᠧᠷ ᠤᠨ ᠰᠢᠯᠭᠠᠯᠲᠠ ᠪᠣᠯᠣᠨ᠎ᠠ᠃ 2 ᠰᠠᠷ᠎ᠠ ᠶᠢᠨ | 28 ᠤ ᠡᠳᠦᠷ ᠠᠴᠠ ᠰᠡᠭᠦᠯᠡᠷ᠂ ᠨᠡᠷ᠎ᠡ ᠮᠡᠳᠡᠭᠦᠯᠬᠦ ᠰᠦᠯᠵᠢᠶ᠎ᠡ ᠨᠢ ᠺᠣᠮᠫᠢᠦ᠋ᠲ᠋ᠧᠷ ᠤᠨ ᠰᠢᠯᠭᠠᠯᠲᠠ ᠶᠢᠨ ᠵᠥᠭᠡᠯᠡᠨ | ᠲᠣᠨᠤᠭ ᠪᠠ ᠦᠵᠡᠭᠦᠯᠦᠯᠭᠡ ᠶᠢᠨ ᠸᠢᠳᠢᠣ᠋ ᠶᠢ ᠨᠡᠶᠢᠲᠡᠯᠡᠵᠦ᠂ ᠰᠢᠯᠭᠠᠭᠤᠯᠤᠬᠰᠠᠳ ᠺᠣᠮᠫᠢᠦ᠋ᠲ᠋ᠧᠷ ᠤᠨ ᠰᠢᠯᠭᠠᠯᠲᠠ | ᠶᠢᠨ ᠰᠡᠳᠦᠪ ᠬᠠᠷᠢᠭᠤᠯᠬᠤ ᠨᠢᠭᠤᠷ᠂ ᠬᠠᠷᠢᠭᠤᠯᠬᠤ ᠠᠷᠭ᠎ᠠ ᠬᠡᠯᠪᠡᠷᠢ ᠶᠢ ᠤᠷᠢᠳᠴᠢᠯᠠᠨ ᠣᠶᠢᠯᠠᠭᠠᠵᠤ ᠪᠣᠯᠤᠨ᠎ᠠ᠃ | ᠲᠤᠯᠤᠭ᠎ᠠ᠂ ᠰᠢᠯᠭᠠᠬᠤ ᠠᠭᠤᠯᠭ᠎ᠠ | 2022 ᠣᠨ ᠤ 《 ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ | ᠶᠢᠨ ᠬᠥᠲᠥᠯᠪᠦᠷᠢ ( ᠮᠠᠯ ᠡᠮᠨᠡᠯᠭᠡ ᠶᠢᠨ ᠶᠡᠷᠦᠩᠬᠡᠶ ᠰᠠᠯᠠᠭᠠᠨ ᠤ ᠲᠥᠷᠥᠯ ) ( 2021 ᠣᠨ ᠤ ᠬᠡᠪᠯᠡᠯ ) 》᠂ | 《ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ | (ᠤᠰᠤᠨ ᠤ ᠠᠮᠢᠲᠠᠨ ᠤ ᠲᠥᠷᠥᠯ ) ( 2021 ᠤᠨ ᠤ ᠬᠡᠪᠯᠡᠯ)》 ᠶᠢ ᠦᠷᠭᠦᠯᠵᠢᠯᠡᠨ ᠬᠡᠷᠡᠭᠯᠡᠵᠦ᠂ ᠰᠢᠯᠭᠠᠯᠲᠠ | ᠶᠢᠨ ᠬᠡᠪᠴᠢᠶ᠎ᠡ ᠶᠢ ᠡᠭᠦᠨ ᠢᠶᠠᠷ ᠪᠠᠷᠢᠮᠵᠢᠶ᠎ᠠ ᠪᠣᠯᠭᠠᠨ᠎ᠠ᠃ | ᠲᠥᠷᠥᠯ ᠪᠦᠷᠢ 100 ᠰᠡᠳᠦᠪ᠂ ᠰᠡᠳᠦᠪ ᠪᠦᠷᠢ 1 ᠬᠤᠪᠢ᠃ | ( ᠨᠢᠭᠡ ) ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠰᠢᠯᠭᠠᠯᠲᠠ | ᠰᠠᠭᠤᠷᠢ ᠮᠡᠳᠡᠯᠭᠡ ᠶᠢᠨ ᠬᠢᠴᠢᠶᠡᠯ ᠲᠦᠷᠦᠯ ᠃ ᠡᠭᠦᠨ ᠳᠤ ᠮᠠᠯ ᠡᠮᠨᠡᠯᠭᠡ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠠᠵᠢᠯ ᠮᠡᠷᠭᠡᠵᠢᠯ ᠤᠨ ᠶᠣᠰᠣ ᠮᠣᠷᠠᠯ᠂ ᠠᠮᠢᠲᠠᠨ ᠤ ᠠᠨᠠᠲ᠋ᠣᠮᠢ ᠶᠢᠨ ᠤᠬᠠᠭᠠᠨ᠂ ᠨᠡᠬᠡᠳᠡᠰᠦ ᠶᠢᠨ | ᠤᠬᠠᠭᠠᠨ ᠬᠢᠭᠡᠳ ᠬᠦᠪᠦᠷᠡᠯ ᠤᠨ ᠤᠬᠠᠭᠠᠨ᠂ ᠠᠮᠢᠲᠠᠨ ᠤ ᠹᠢᠽᠢᠣᠯᠣᠭᠢ ᠶᠢᠨ ᠤᠬᠠᠭᠠᠨ᠂ ᠠᠮᠢᠲᠠᠨ ᠤ ᠠᠮᠢᠳᠤ | ᠪᠣᠳᠠᠰ ᠤᠨ ᠬᠢᠮᠢ ᠶᠢᠨ ᠤᠬᠠᠭᠠᠨ᠂ ᠠᠮᠢᠲᠠᠨ ᠤ ᠡᠪᠡᠳᠴᠢᠨ ᠤ ᠵᠦᠢ ᠶᠢᠨ ᠤᠬᠠᠭᠠᠨ᠂ ᠮᠠᠯ ᠡᠮᠨᠡᠯᠭᠡ ᠶᠢᠨ ᠡᠮ ᠤᠨ | ᠵᠦᠢ ᠶᠢᠨ ᠤᠬᠠᠭᠠᠨ ᠪᠠᠭᠲᠠᠨ᠎ᠠ᠃ | ᠤᠷᠢᠳᠴᠢᠯᠠᠬᠰᠠᠨ ᠰᠡᠷᠭᠡᠶᠢᠯᠡᠯᠳᠡ ᠶᠢᠨ ᠬᠢᠴᠢᠶᠡᠯ ᠲᠦᠷᠦᠯ ᠃ ᠡᠭᠦᠨ ᠳᠤ ᠮᠠᠯ ᠡᠮᠨᠡᠯᠭᠡ ᠶᠢᠨ ᠮᠢᠺᠷᠣᠪ ᠤᠨ | ᠤᠬᠠᠭᠠᠨ ᠪᠣᠯᠤᠨ ᠡᠭᠡᠯᠢᠯᠡᠪᠦᠷᠢ ᠶᠢᠨ ᠤᠬᠠᠭᠠᠨ᠂ ᠮᠠᠯ ᠡᠮᠨᠡᠯᠭᠡ ᠶᠢᠨ ᠬᠠᠯᠳᠠᠪᠤᠷᠢᠲᠤ ᠡᠪᠡᠳᠴᠢᠨ ᠤ ᠤᠬᠠᠭᠠᠨ᠂ ᠮᠠᠯ | ᠡᠮᠨᠡᠯᠭᠡ ᠶᠢᠨ ᠰᠢᠮᠡᠭᠦᠷ ᠬᠤᠷᠣᠬᠠᠢ ᠶᠢᠨ ᠤᠬᠠᠭᠠᠨ᠂ ᠮᠠᠯ ᠡᠮᠨᠡᠯᠭᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ | ᠤᠨ ᠤᠬᠠᠭᠠᠨ ᠪᠠᠭᠲᠠᠨ᠎ᠠ᠃ | ᠡᠮᠴᠢᠯᠡᠭᠡᠨ ᠤ ᠬᠢᠴᠢᠶᠡᠯ ᠲᠦᠷᠦᠯ ᠃ ᠡᠭᠦᠨ ᠳᠤ ᠮᠠᠯ ᠡᠮᠨᠡᠯᠭᠡ ᠶᠢᠨ ᠡᠮᠴᠢᠯᠡᠭᠡᠨ ᠤ ᠣᠨᠣᠰᠢᠯᠠᠯᠲᠠ ᠶᠢᠨ | ᠤᠬᠠᠭᠠᠨ᠂ ᠮᠠᠯ ᠡᠮᠨᠡᠯᠭᠡ ᠶᠢᠨ ᠲᠤᠳᠤᠷ ᠰᠠᠯᠠᠭ᠎ᠠ ᠶᠢᠨ ᠤᠬᠠᠭᠠᠨ᠂ ᠮᠠᠯ ᠡᠮᠨᠡᠯᠭᠡ ᠶᠢᠨ ᠭᠠᠳᠠᠷ ᠰᠠᠯᠠᠭ᠎ᠠ ᠬᠢᠭᠡᠳ | ᠮᠡᠰᠡ ᠵᠠᠰᠠᠯ ᠤᠨ ᠤᠬᠠᠭᠠᠨ᠂ ᠮᠠᠯ ᠡᠮᠨᠡᠯᠭᠡ ᠶᠢᠨ ᠬᠦᠩᠭᠡᠵᠢᠯᠳᠡ ᠶᠢᠨ ᠤᠬᠠᠭᠠᠨ᠂ ᠬᠢᠲᠠᠳ ᠮᠠᠯ ᠡᠮᠨᠡᠯᠭᠡ ᠶᠢᠨ | ᠤᠬᠠᠭᠠᠨ ᠪᠠᠭᠲᠠᠨ᠎ᠠ᠃ | ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠦᠷᠦᠯ ᠃ ᠡᠭᠦᠨ ᠳᠤ ᠭᠠᠭ᠋ᠠᠶ᠂ ᠵᠢᠭᠦᠷᠲᠡᠨ᠂ ᠦᠬᠡᠷ᠂ ᠬᠤᠨᠢ | ︵ᠢᠮᠠᠭ᠎ᠠ︶ ᠂ ᠨᠣᠬᠠᠶ᠂ ᠮᠤᠤᠷ ᠵᠢᠴᠢ ᠪᠤᠰᠤᠳ ᠠᠮᠢᠲᠠᠨ ᠤ ᠡᠪᠡᠳᠴᠢᠨ ᠡᠮᠭᠡᠭ ᠢ ᠡᠮᠴᠢᠯᠡᠭᠡᠨ ᠤ ᠲᠠᠯ᠎ᠠ ᠪᠠᠷ | ᠣᠨᠣᠰᠢᠯᠠᠨ ᠡᠮᠨᠡᠬᠦ ᠪᠠᠭᠲᠠᠨ᠎ᠠ᠃ | ( ᠬᠤᠶᠠᠷ ) ᠤᠰᠤᠨ ᠤ ᠠᠮᠢᠲᠠᠨ ᠤ ᠲᠥᠷᠥᠯ ᠤᠨ ᠰᠢᠯᠭᠠᠯᠲᠠ | ᠰᠠᠭᠤᠷᠢ ᠮᠡᠳᠡᠯᠭᠡ ᠶᠢᠨ ᠬᠢᠴᠢᠶᠡᠯ ᠲᠦᠷᠦᠯ ᠃ ᠡᠭᠦᠨ ᠳᠤ ᠮᠠᠯ ᠡᠮᠨᠡᠯᠭᠡ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠠᠵᠢᠯ ᠮᠡᠷᠭᠡᠵᠢᠯ ᠤᠨ ᠶᠣᠰᠣ ᠮᠣᠷᠠᠯ᠂ ᠤᠰᠤᠨ ᠤ ᠠᠮᠢᠲᠠᠨ ᠤᠠᠨᠠᠲ᠋ᠣᠮᠢ ᠶᠢᠨ ᠤᠬᠠᠭᠠᠨ᠂ ᠨᠡᠬᠡᠳᠡᠰᠦ | ᠵᠢᠴᠢ ᠬᠦᠪᠦᠷᠡᠯ ᠤᠨ ᠤᠬᠠᠭᠠᠨ᠂ ᠤᠰᠤᠨ ᠤ ᠠᠮᠢᠲᠠᠨ ᠤ ᠹᠢᠽᠢᠣᠯᠣᠭᠢ ᠶᠢᠨ ᠤᠬᠠᠭᠠᠨ᠂ ᠠᠮᠢᠲᠠᠨ ᠤ ᠠᠮᠢᠳᠤ | ᠪᠣᠳᠠᠰ ᠤᠨ ᠬᠢᠮᠢ ᠶᠢᠨ ᠤᠬᠠᠭᠠᠨ᠂ ᠵᠢᠭᠠᠰᠤᠨ ᠤ ᠲᠦᠷᠦᠯ ᠤᠨ ᠡᠮ ᠤᠨ ᠵᠦᠢ ᠶᠢᠨ ᠤᠬᠠᠭᠠᠨ ᠪᠠᠭᠲᠠᠨ᠎ᠠ᠃ | ᠤᠷᠢᠳᠴᠢᠯᠠᠬᠰᠠᠨ ᠰᠡᠷᠭᠡᠶᠢᠯᠡᠯᠳᠡ ᠶᠢᠨ ᠬᠢᠴᠢᠶᠡᠯ ᠲᠦᠷᠦᠯ ᠃ ᠡᠭᠦᠨ ᠳᠤ ᠤᠰᠤᠨ ᠤ ᠠᠮᠢᠲᠠᠨ ᠤ | ᠡᠭᠡᠯᠢᠯᠡᠪᠦᠷᠢ ᠶᠢᠨ ᠤᠬᠠᠭᠠᠨ᠂ ᠤᠰᠤᠨ ᠤ ᠠᠮᠢᠲᠠᠨ ᠤ ᠮᠢᠺᠷᠣᠪ ᠤᠨ ᠤᠬᠠᠭᠠᠨ᠂ ᠤᠰᠤᠨ ᠤ ᠠᠮᠢᠲᠠᠨ ᠤ ᠰᠢᠮᠡᠭᠦᠷ | ᠬᠤᠷᠣᠬᠠᠶ ᠶᠢᠨ ᠤᠬᠠᠭᠠᠨ᠂ ᠤᠰᠤᠨ ᠭᠠᠷᠤᠯᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠬᠠᠭᠠᠨ | ᠪᠠᠭᠲᠠᠨ᠎ᠠ ᠃ | ᠡᠮᠴᠢᠯᠡᠭᠡᠨ ᠤ ᠬᠢᠴᠢᠶᠡᠯ ᠲᠦᠷᠦᠯ᠃ ᠡᠭᠦᠨ ᠳᠤ ᠤᠰᠤᠨ ᠭᠠᠷᠤᠯᠲᠠ ᠶᠢᠨ ᠡᠮ ᠤᠨ ᠵᠦᠢ ᠶᠢᠨ ᠤᠬᠠᠭᠠᠨ ᠂ | ᠤᠰᠤᠨ ᠤ ᠠᠮᠢᠲᠠᠨ ᠤ ᠡᠪᠡᠳᠴᠢᠨ ᠤ ᠵᠦᠢ ᠶᠢᠨ ᠤᠬᠠᠭᠠᠨ ᠂ ᠤᠰᠤᠨ ᠤ ᠠᠮᠢᠲᠠᠨ ᠤ ᠡᠪᠡᠳᠴᠢᠨ ᠡᠮᠬᠡᠭ ᠤᠨ | ᠤᠬᠠᠭᠠᠨ ᠪᠠᠭᠲᠠᠨ᠎ᠠ᠃ | ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠦᠷᠦᠯ ᠃ ᠡᠭᠦᠨ ᠳᠤ ᠲᠡᠵᠢᠭᠡᠯ ᠪᠣᠷᠳᠤᠭ᠎ᠠ ᠪᠠ ᠰᠢᠮ᠎ᠡ ᠲᠡᠵᠢᠭᠡᠯ | ᠤᠨ ᠤᠬᠠᠭᠠᠨ᠂ ᠲᠡᠵᠢᠭᠡᠨ ᠦᠷᠡᠵᠢᠭᠦᠯᠬᠦ ᠤᠰᠤᠨ ᠤ ᠣᠷᠴᠢᠨ ᠲᠣᠭᠤᠷᠢᠨ ᠤ ᠠᠮᠢ ᠠᠬᠤᠶ ᠶᠢᠨ ᠤᠬᠠᠭᠠᠨ᠂ | ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠤᠬᠠᠭᠠᠨ ᠪᠠᠭᠲᠠᠨ᠎ᠠ ᠃ | ᠨᠠᠢᠮᠠ᠂ ᠰᠢᠯᠭᠠᠯᠲᠠ ᠳᠤ ᠬᠢᠷᠢ ᠲᠡᠩᠴᠡᠭᠰᠡᠨ ᠬᠢᠷᠢ ᠪᠦᠲᠦᠮᠵᠢ ᠶᠢ ᠮᠠᠭᠠᠳᠯᠠᠨ ᠲᠣᠭᠲᠠᠭᠠᠬᠤ | ᠬᠡᠰᠡᠭ ᠬᠢᠴᠢᠶᠡᠯ ᠲᠥᠷᠥᠯ ᠳᠤ ᠨᠡᠷ᠎ᠡ ᠮᠡᠳᠡᠭᠦᠯᠦᠭᠰᠡᠨ ᠪᠠᠶᠢᠪᠠᠯ᠂ 60 ᠬᠤᠪᠢ ᠨᠢ ᠳ᠋ᠠᠩ ᠬᠢᠴᠢᠶᠡᠯ ᠲᠦᠷᠦᠯ | ᠤᠨ ᠬᠢᠷᠢ ᠲᠡᠩᠴᠡᠭᠦ ᠬᠤᠪᠢ ᠶᠢᠨ ᠱᠤᠭᠤᠮ ᠪᠣᠯᠤᠨ᠎ᠠ᠂ ᠳ᠋ᠠᠩ ᠬᠢᠴᠢᠶᠡᠯ ᠤᠨ ᠬᠢᠷᠢ ᠲᠡᠩᠴᠡᠭᠰᠡᠨ ᠬᠢᠷᠢ ᠪᠦᠲᠦᠮᠵᠢ | ᠨᠢ 3 ᠵᠢᠯ ᠤᠨ ᠳᠣᠲᠣᠷ᠎ᠠ ᠬᠦᠴᠦᠨ ᠲᠠᠢ᠃ ᠳᠠᠷᠠᠭᠠᠯᠠᠭᠰᠠᠨ 3 ᠵᠢᠯ ᠤᠨ ᠳᠤᠲᠤᠷ᠎ᠠ ᠪᠥᠬᠦ ᠬᠢᠴᠢᠶᠡᠯ ᠲᠥᠷᠥᠯ ᠤᠨ | ᠬᠢᠷᠢ ᠪᠦᠲᠦᠮᠵᠢ ᠨᠢ ᠬᠢᠷᠢ ᠲᠡᠩᠴᠡᠭᠰᠡᠨ ᠪᠠᠶᠢᠪᠠᠯ᠂ ᠰᠢᠯᠭᠠᠯᠲᠠ ᠳᠤ ᠬᠢᠷᠢ ᠲᠡᠩᠴᠡᠭᠰᠡᠨ ᠢᠶᠠᠷ ᠦᠵᠡᠨ᠎ᠡ᠃ | ᠨᠢᠭᠡ ᠯᠡ ᠤᠳᠠᠭ᠎ᠠ ᠳᠡᠭᠡᠷ᠎ᠡ ᠪᠦᠬᠦ 4 ᠬᠢᠴᠢᠶᠡᠯ ᠲᠥᠷᠥᠯ ᠢ ᠨᠡᠷ᠎ᠡ ᠮᠡᠳᠡᠭᠦᠯᠦᠨ ᠰᠢᠯᠭᠠᠭᠤᠯᠪᠠᠯ᠂ ᠰᠢᠯᠭᠠᠯᠲᠠ | ᠳᠤ ᠬᠢᠷᠢ ᠲᠡᠩᠴᠡᠭᠰᠡᠨ ᠶᠡᠷᠦᠩᠬᠡᠶ ᠬᠤᠪᠢ ᠶᠢᠨ ᠱᠤᠭᠤᠮ ᠢ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ | ᠶᠢᠨ ᠬᠢᠷᠢ ᠬᠡᠮ ᠤᠨ ᠰᠢᠯᠭᠠᠯᠲᠠ ᠶᠢᠨ ᠵᠥᠪᠯᠡᠯ ᠠᠴᠠ ᠰᠢᠯᠭᠠᠯᠲᠠ ᠳᠠᠭᠤᠰᠤᠭᠰᠠᠨ ᠤ ᠳᠠᠷᠠᠭ᠎ᠠ ᠨᠡᠶᠢᠲᠡᠯᠡᠨ᠎ᠡ᠃ | ᠵᠢᠱᠢᠶᠡᠯᠡᠪᠡᠯ 4 ᠲᠥᠷᠥᠯ ᠤᠨ ᠬᠢᠴᠢᠶᠡᠯ ᠤᠨ ᠶᠡᠷᠦᠩᠬᠡᠶ ᠬᠤᠪᠢ ᠨᠢ ᠰᠢᠯᠭᠠᠯᠲᠠ ᠳᠤ ᠬᠢᠷᠢ ᠲᠡᠩᠴᠡᠭᠰᠡᠨ ᠶᠡᠷᠦᠩᠬᠡᠶ | ᠬᠤᠪᠢ ᠶᠢᠨ ᠱᠤᠭᠤᠮ ᠳᠤ ᠭᠦᠷᠦᠭᠰᠡᠨ ᠥᠬᠡᠶ ᠪᠣᠯᠪᠠᠴᠤ ᠳ᠋ᠠᠩ ᠬᠢᠴᠢᠶᠡᠯ ᠲᠥᠷᠥᠯ ᠤᠨ ᠬᠢᠴᠢᠶᠡᠯ ᠨᠢ 60 | ᠬᠤᠪᠢ ᠳᠤ ᠭᠦᠷᠦᠭᠰᠡᠨ ᠪᠠᠶᠢᠪᠠᠯ᠂ ᠳ᠋ᠠᠩ ᠬᠢᠴᠢᠶᠡᠯ ᠲᠥᠷᠥᠯ ᠤᠨ ᠬᠢᠴᠢᠶᠡᠯ ᠤᠨ ᠬᠢᠷᠢ ᠪᠦᠲᠦᠮᠵᠢ ᠨᠢ ᠬᠢᠷᠢ | ᠲᠡᠩᠴᠡᠭᠰᠡᠨ ᠢᠶᠠᠷ ᠦᠵᠡᠨ᠎ᠡ᠃ ᠳ᠋ᠠᠩ ᠬᠢᠴᠢᠶᠡᠯ ᠲᠦᠷᠦᠯ ᠤᠨ ᠬᠢᠷᠢ ᠲᠡᠩᠴᠡᠭᠰᠡᠨ ᠬᠢᠷᠢ ᠪᠦᠲᠦᠮᠵᠢ ᠶᠢ | ᠦᠯᠡᠳᠡᠭᠡᠨ ᠦᠭᠴᠦ ᠂ 3 ᠵᠢᠯ ᠤᠨ ᠳᠣᠲᠣᠷ᠎ᠠ ᠬᠦᠴᠦᠨ ᠲᠠᠢ᠃ | ᠶᠢᠰᠦ᠂ ᠬᠢᠷᠢ ᠬᠡᠮ ᠭᠤᠶᠤᠴᠢᠯᠠᠬᠤ ᠪᠠ ᠣᠯᠭᠤᠬᠤ | ᠪᠦᠬᠦ ᠤᠯᠤᠰ ᠤᠨ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠤᠷᠤᠯᠴᠠᠭᠰᠠᠨ ᠥᠪᠥᠷ | ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠬᠥᠮᠦᠰ ᠲᠤ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ | ᠬᠢᠷᠢ ᠬᠡᠮ ᠣᠯᠭᠤᠬᠤ ᠭᠤᠶᠤᠴᠢᠯᠠᠯ ᠤᠨ ᠬᠤᠯᠪᠣᠭᠳᠠᠯ ᠪᠦᠬᠦᠢ ᠵᠦᠢᠯᠡᠰ ᠤᠨ ᠠᠯᠪᠠᠨ ᠵᠠᠷ ( ᠠᠰᠲᠠᠭᠠᠨ ᠵᠠᠷᠯᠠᠨ᠎ᠠ ) | ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭᠠᠨ ᠳᠣᠲᠣᠷ᠎ᠠ ᠠᠵᠢᠯ ᠡᠷᠬᠢᠯᠡᠬᠦ ᠮᠠᠯ ᠤᠨ ᠡᠮᠴᠢ ᠶᠢᠨ | ᠬᠢᠷᠢ ᠬᠡᠮ ᠣᠯᠭᠤᠬᠤ ᠭᠤᠶᠤᠴᠢᠯᠠᠯ ᠲᠡᠪᠰᠢᠭᠦᠯᠵᠦ ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠳᠤ ᠨᠢ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠦᠨᠡᠮᠯᠡᠯ ᠣᠯᠭᠤᠨ᠎ᠠ ᠃ | ᠰᠢᠯᠭᠠᠯᠲᠠ ᠳᠤ ᠬᠢᠷᠢ ᠲᠡᠩᠴᠡᠭᠰᠡᠨ ᠪᠣᠯᠪᠠᠴᠤ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ | ᠮᠡᠳᠡᠭᠡ ᠵᠠᠩᠭᠢ ᠨᠢ ᠰᠤᠷᠭᠠᠭᠤᠯᠢ ᠲᠡᠭᠦᠰᠦᠭᠰᠡᠨ ᠦᠨᠡᠮᠯᠡᠯ ( ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ ) ᠲᠠᠢ | ᠨᠡᠶᠢᠴᠡᠬᠦ ᠥᠬᠡᠶ ᠬᠥᠮᠦᠰ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶ᠎ᠠ ᠪᠥᠬᠦᠶ ᠮᠡᠳᠡᠭᠡ ᠵᠠᠩᠭᠢ | ᠪᠠᠨ ᠵᠠᠯᠠᠷᠠᠭᠤᠯᠬᠤ ᠶᠢᠨ ᠬᠠᠮᠲᠤ ᠬᠢᠨᠠᠨ ᠬᠠᠷᠭᠤᠭᠤᠯᠤᠭᠠᠳ ᠪᠠᠳᠤᠯᠠᠬᠳᠠᠨᠰᠠᠨ ᠤ ᠳᠠᠷᠠᠭ᠎ᠠ ᠰᠠᠶ᠋ᠢ ᠠᠵᠢᠯ ᠡᠷᠭᠢᠯᠡᠬᠦ | ᠮᠠᠯ ᠤᠨ ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠤᠨ᠎ᠠ᠃ | ᠰᠢᠯᠭᠠᠯᠲᠠ ᠳᠤ ᠬᠢᠷᠢ ᠲᠡᠩᠴᠡᠭᠰᠡᠨ ᠪᠣᠯᠪᠠᠴᠤ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠨᠢ ᠰᠤᠷᠤᠭᠴᠢ | ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠪᠠᠶᠢᠴᠠᠭᠠᠨ ᠯᠠᠪᠯᠠᠬᠤ ᠶᠢᠨ ᠠᠷᠭ᠎ᠠ ᠥᠬᠡᠶ ᠬᠥᠮᠦᠰ ᠨᠢ《 ᠳᠤᠮᠳᠠᠳᠤ | ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ | ᠮᠡᠳᠡᠭᠦᠯᠦᠯᠲᠡ 》 ᠶᠢ ᠲᠤᠰᠢᠶᠠᠬᠤ ᠶᠢᠨ ᠬᠠᠮᠲᠤ ᠬᠢᠨᠠᠨ ᠬᠠᠷᠭᠤᠭᠤᠯᠤᠭᠠᠳ ᠪᠠᠳᠤᠯᠠᠭᠳᠠᠭᠰᠠᠨ ᠤ ᠳᠠᠷᠠᠭ᠎ᠠ ᠰᠠᠶ᠋ᠢ | ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠤᠨ᠎ᠠ ᠃ | ᠰᠢᠯᠭᠠᠯᠲᠠ ᠳᠤ ᠬᠢᠷᠢ ᠲᠡᠩᠴᠡᠭᠰᠡᠨ ᠪᠦᠬᠦᠯᠢ ᠡᠳᠦᠷ ᠤᠨ ᠳᠦᠷᠢᠮᠲᠦ ᠶᠡᠭᠡ ᠳᠡᠭᠡᠳᠦ ᠰᠤᠷᠭᠠᠭᠤᠯᠢ ᠶᠢᠨ | ᠰᠣᠷᠣᠭᠴᠢ᠂ ᠮᠠᠯ ᠡᠮᠨᠡᠯᠭᠡ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠰᠬᠠᠶ | ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ( ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ | ᠪᠠᠶᠢᠴᠠᠭᠠᠨ ᠯᠠᠪᠯᠠᠵᠤ ᠣᠯᠣᠨ᠎ᠠ ) ᠤᠯᠬᠤ ᠬᠡᠷᠡᠭᠲᠡᠶ ᠪᠥᠭᠡᠳ ᠬᠢᠨᠠᠨ ᠬᠠᠷᠭᠤᠭᠤᠯᠤᠭᠠᠳ ᠪᠠᠳᠤᠯᠠᠭᠳᠠᠭᠰᠠᠨ ᠤ | ᠳᠠᠷᠠᠭ᠎ᠠ ᠰᠠᠶ᠋ᠢ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠤᠨ᠎ᠠ ᠃ | ᠠᠷᠪᠠ᠂ ᠦᠨᠡᠮᠯᠡᠯ ᠢ ᠨᠥᠬᠦᠨ ᠣᠯᠭᠤᠬᠤ | ᠥᠩᠭᠡᠷᠡᠭᠰᠡᠨ ᠵᠢᠯ ᠳᠤ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠲᠤ ᠦᠨᠡᠮᠯᠡᠯ ᠣᠯᠤᠭᠰᠠᠨ ᠬᠥᠮᠦᠰ | ᠦᠨᠡᠮᠯᠡᠯ ᠢᠶᠠᠨ ᠭᠡᠭᠡᠭᠰᠡᠨ᠂ ᠤᠷᠠᠭᠳᠠᠵᠤ ᠡᠯᠡᠭᠳᠡᠭᠰᠡᠨ ᠵᠡᠷᠭᠡ ᠰᠢᠯᠲᠠᠭᠠᠨ ᠠᠴᠠ ᠪᠣᠯᠵᠣ ᠦᠨᠡᠮᠯᠡᠯ ᠨᠥᠬᠦᠨ | ᠣᠯᠭᠤᠬᠤ ᠪᠠᠷ ᠭᠤᠶᠤᠴᠢᠯᠠᠪᠠᠯ᠂ ᠮᠤᠵᠢ ᠶᠢᠨ ᠳᠣᠲᠣᠷᠠᠬᠢ ᠳᠤᠷ᠎ᠠ ᠶᠢᠨ ᠰᠢᠯᠭᠠᠯᠲᠠ ᠶᠢᠨ ᠭᠠᠵᠠᠷ ᠢ ᠰᠣᠩᠭᠤᠵᠤ | ᠭᠤᠶᠤᠴᠢᠯᠠᠬᠤ ᠭᠠᠵᠠᠷ ᠪᠣᠯᠭᠠᠨ᠎ᠠ ᠃ ᠦᠨᠡᠮᠯᠡᠯ ᠢ ᠨᠢᠭᠡ ᠵᠢᠯ ᠳᠤ ᠨᠢᠭᠡ ᠤᠳᠠᠭ᠎ᠠ ᠨᠥᠬᠦᠨ ᠣᠯᠭᠤᠨ᠎ᠠ᠂ | ᠰᠢᠯᠭᠠᠭᠤᠯᠤᠭᠴᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠭᠠᠷᠴᠤ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠴᠠᠭ | ᠨᠢ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 30 ᠤ ᠡᠳᠦᠷ ᠪᠤᠯᠳᠠᠯ᠎ᠠ ᠃ ᠬᠤᠭᠤᠴᠠᠭ᠎ᠠ ᠬᠡᠲᠦᠷᠡᠪᠡᠯ | ᠨᠥᠬᠦᠨ ᠣᠯᠭᠤᠬᠤ ᠥᠬᠡᠶ᠃ ᠨᠥᠬᠦᠵᠦ ᠣᠯᠭᠤᠬᠤ ᠴᠠᠭ᠂ ᠠᠯᠬᠤᠮ ᠲᠠᠷᠠᠭ᠎ᠠ ᠪᠠ ᠱᠠᠭᠠᠷᠳᠠᠯᠭ᠎ᠠ ᠶᠢ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ | ᠬᠢᠷᠢ ᠬᠡᠮ ᠣᠯᠭᠤᠬᠤ ᠭᠤᠶᠤᠴᠢᠯᠠᠯ ᠤᠨ ᠬᠤᠯᠪᠣᠭᠳᠠᠯ ᠪᠥᠬᠦᠶ ᠵᠦᠶᠯᠡᠰ ᠤᠨ ᠠᠯᠪᠠᠨ ᠵᠠᠷ ( ᠠᠰᠲᠠᠭᠠᠨ ᠵᠠᠷᠯᠠᠨ᠎ᠠ ) | ᠢᠶᠠᠷ ᠪᠠᠷᠢᠮᠵᠢᠶ᠎ᠠ ᠪᠣᠯᠭᠠᠨ᠎ᠠ᠃ | ᠠᠷᠪᠠᠨ ᠨᠢᠭᠡ᠂ ᠪᠤᠰᠤᠳ ᠵᠦᠢᠯᠡᠰ | ( ᠨᠢᠭᠡ ) ᠰᠢᠯᠭᠠᠯᠲᠠ ᠶᠢᠨ ᠬᠢᠷᠢ ᠪᠦᠲᠦᠮᠵᠢ ᠨᠢ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ | ᠪᠠᠷᠢᠮᠵᠢᠶ᠎ᠠ ᠳᠤ ᠬᠦᠷᠦᠭᠰᠡᠨ ᠬᠦᠮᠦᠰ ᠳᠠᠬᠢᠨ ᠨᠡᠷ᠎ᠡ ᠮᠡᠳᠡᠭᠦᠯᠵᠦ ᠪᠣᠯᠬᠤ ᠦᠭᠡᠶ᠃ | ( ᠬᠤᠶᠠᠷ ) ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠣᠮᠧᠨ ᠤ ᠵᠠᠰᠠᠭ ᠵᠠᠬᠢᠷᠭᠠᠨ ᠤ | ᠣᠨᠴᠠᠭᠠᠢ ᠣᠷᠣᠨ ᠤ ᠳᠤᠮᠳᠠᠳᠤ ᠤᠯᠤᠰ ᠤᠨ ᠡᠷᠬᠡᠳᠦ ᠠᠷᠠᠳ ᠪᠠ ᠲᠠᠶᠢᠸᠠᠨ ᠤ ᠰᠠᠭᠤᠭᠠᠯᠢ ᠠᠷᠠᠳ ᠤᠨ ᠪᠦᠬᠦ | ᠤᠯᠤᠰ ᠤᠨ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠵᠦ ᠣᠷᠣᠯᠴᠠᠬᠤ | ᠬᠤᠯᠪᠣᠭᠳᠠᠯ ᠪᠦᠬᠦᠢ ᠬᠡᠷᠡᠭ ᠶᠠᠪᠤᠳᠠᠯ ᠢ 《 ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠪᠦᠬᠦ | ᠤᠯᠤᠰ ᠤᠨ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠵᠢᠴᠢ ᠠᠵᠢᠯ | ᠡᠷᠬᠢᠯᠡᠬᠦ ᠬᠠᠮᠢᠶᠠᠷᠤᠯᠲᠠ ᠶᠢᠨ ᠲᠣᠭᠲᠠᠭᠠᠯ 》 ( ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠠᠷᠢᠶᠠᠯᠠᠩ ᠤᠨ ᠶᠠᠮᠤᠨ ᠤ ᠠᠯᠪᠠᠨ ᠵᠠᠷ 2539 ᠳ᠋ᠦ᠋ᠭᠡᠷ ᠲᠣᠭᠠᠲᠤ ) ᠶᠣᠰᠣᠭᠠᠷ ᠬᠡᠷᠡᠭᠵᠢᠭᠦᠯᠦᠨ᠎ᠡ᠃ | ( ᠭᠤᠷᠪᠠ ) ᠰᠢᠯᠭᠠᠭᠤᠯᠤᠭᠰᠠᠳ ᠰᠢᠯᠭᠠᠯᠲᠠ ᠶᠢᠨ ᠬᠥᠲᠥᠯᠪᠦᠷᠢ ᠶᠢ ᠦᠨᠳᠦᠰᠦᠯᠡᠨ ᠳᠠᠪᠲᠠᠵᠤ᠂ ᠰᠢᠯᠭᠠᠯᠲᠠ | ᠳᠤ ᠪᠡᠯᠡᠳᠬᠡᠵᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠤᠨ ᠠᠩᠭᠢ ᠡᠷᠭᠢᠯᠡᠬᠦ | ᠥᠬᠡᠶ᠂ ᠶᠠᠮᠠᠷᠪᠠ ᠨᠢᠭᠡᠴᠢ ᠳᠤ ᠨᠠᠶᠢᠳᠠᠵᠤ ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠤᠨ ᠬᠠᠪᠰᠤᠷᠤᠨ | ᠵᠢᠯᠣᠭᠤᠳᠣᠯᠭ᠎ᠠ ᠥᠷᠨᠢᠭᠦᠯᠬᠦ ᠥᠬᠡᠶ᠃ | ( ᠳᠥᠷᠪᠡ ) ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠤᠨ ᠠᠰᠠᠭᠤᠨ ᠯᠠᠪᠯᠠᠬᠤ ᠤᠲᠠᠰᠤ᠄ 0471-6651798 ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2022 ᠣᠨ ᠤ 2 ᠰᠠᠷ᠎ᠠ ᠶᠢᠨ 24 ᠤ ᠡᠳᠦᠷ | |