8 ᠳ᠋ᠤᠭᠠᠷ ᠰᠠᠷ᠎ᠠ ᠶᠢᠨ 16 ᠤ ᠡᠳᠦᠷ ᠠᠴᠠ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/3/23
      8 ᠳ᠋ᠤᠭᠠᠷ ᠰᠠᠷ᠎ᠠ ᠶᠢᠨ 15 ᠤ ᠡᠳᠦᠷ ᠠᠴᠠ 18 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ ᠳᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠭᠤᠷᠬᠠᠢ ᠶᠢ ᠪᠣᠬᠢᠷᠲᠤᠯ ᠦᠭᠡᠢ ᠪᠣᠯᠭᠠᠨ ᠵᠠᠰᠠᠬᠤ᠂ ᠦᠶᠡᠷ ᠢ ᠠᠮᠤᠷ ᠲᠦᠪᠰᠢᠨ ᠢᠶᠠᠷ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠤᠭᠤᠳᠬᠤ ᠳᠤ ᠪᠠᠨ ᠡᠯ᠎ᠡ ᠵᠦᠢᠯ ᠤᠨ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ ᠲᠤᠰᠬᠠᠶ ᠰᠡᠳᠦᠪᠲᠦ ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠲᠦᠩᠯᠢᠶᠣᠤ ᠬᠤᠲᠠ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      8 ᠳ᠋ᠤᠭᠠᠷ ᠰᠠᠷ᠎ᠠ ᠶᠢᠨ 16 ᠤ ᠡᠳᠦᠷ ᠪᠦᠬᠦ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠬᠢᠭᠡᠳ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠡᠭᠴᠡᠯᠡᠨ ᠵᠠᠰᠠᠬᠤ ᠠᠵᠢᠯ ᠤᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠤᠨ ᠸᠢᠳᠢᠣ᠋ ᠪᠠᠷ ᠬᠤᠷᠠᠯᠳᠤᠭᠤᠯᠤᠭᠰᠠᠨ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠲᠣᠰ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠲᠣᠰ ᠲᠣᠰ ᠲᠥᠬᠦᠮ ᠨᠡᠪᠲᠡᠷᠡᠭᠦᠯᠦᠨ ᠮᠡᠳᠡᠭᠡᠯᠡᠪᠡ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠳᠤᠭᠠᠷ᠂ ᠭᠤᠴᠢᠨ ᠨᠢᠭᠡᠳᠦᠭᠡᠷ᠂ ᠭᠤᠴᠢᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠪᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ︽ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠩ ᠶᠡᠭᠡ ᠢᠷᠠᠭᠤ ᠠᠯᠳᠠᠷ ᠢ ᠲᠡᠮᠡᠴᠡᠨ ᠤᠯᠬᠤ︾ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠤ᠂ ᠲᠠᠷᠠᠭᠠᠴᠢ ᠶᠢᠨ ᠱᠠᠲᠤᠨ ᠳᠠᠬᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋᠂ ᠳ᠋ᠦᠩ ᠾᠧᠩ ᠢᠤᠶ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠸᠧᠶ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠪᠠ᠃      8 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠵᠦᠪᠯᠡᠯ ᠤᠨ ᠪᠦᠬᠦ ᠭᠡᠰᠢᠭᠦᠳ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠪᠦᠬᠦ ᠣᠷᠣᠨ ᠤ ᠨᠠᠰᠤᠲᠠᠶᠢᠴᠤᠳ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠵᠤ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠡᠷᠬᠢᠯᠡᠭᠴᠢ ᠶᠠᠩ ᠸᠧᠶ ᠳ᠋ᠦᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠭᠰᠠᠨ ᠪᠥᠭᠡᠳ ᠪᠥᠬᠦ ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      8 ᠳ᠋ᠤᠭᠠᠷ ᠰᠠᠷ᠎ᠠ ᠶᠢᠨ 18 ᠤ ᠡᠳᠦᠷ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠᠷᠠᠭᠤᠨ ᠬᠡᠰᠡᠭ ᠤᠨ ᠭᠠᠵᠠᠷ ᠣᠷᠣᠨ ᠤ ᠲᠤᠰᠬᠠᠢ ᠰᠡᠳᠦᠪᠲᠦ ᠠᠬᠢᠭᠤᠯᠬᠤ ᠬᠤᠷᠠᠯ ᠦᠬᠠᠢ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠧᠩ ᠬᠤᠩ ᠹᠠᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠰᠢᠭᠤ ᠰᠢᠶᠠᠨ ︵ᠬᠤᠲᠠ᠂ ᠲᠣᠭᠤᠷᠢᠭ︶ ᠬᠦᠷᠲᠡᠯ᠎ᠡ ᠬᠤᠷᠠᠯᠳᠤᠭᠤᠯᠪᠠ᠃      8 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ ᠳᠤ ᠭᠦᠨᠵᠡᠭᠡᠶᠢᠷᠡᠵᠦ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠥᠪᠥᠷ ᠮᠣᠩᠭᠤᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠬᠢᠩᠭᠠᠨ ᠠᠶᠢᠮᠠᠭ ᠤᠨ ᠦᠪᠡᠷ ᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠵᠤ᠂ ᠰᠠᠶᠢᠨ ᠢᠶᠠᠨ ᠪᠠᠳᠠᠷᠠᠭᠤᠯᠵᠤ ᠰᠠᠭᠠᠷᠠᠤ ᠪᠠᠨ ᠲᠡᠪᠴᠢᠵᠦ ᠰᠢᠯᠢᠳᠡᠭ ᠢ ᠨᠢ ᠬᠥᠭᠵᠢᠭᠦᠯᠵᠦ ᠦᠷ᠎ᠡ ᠠᠰᠢᠭ ᠢᠶᠠᠨ ᠨᠡᠮᠡᠭᠳᠡᠭᠦᠯᠦᠨ᠂ ᠡᠯ᠎ᠡ ᠵᠦᠢᠯ ᠤᠨ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      8 ᠳ᠋ᠤᠭᠠᠷ ᠰᠠᠷ᠎ᠠ ᠶᠢᠨ 19 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠮᠠᠨ ᠤ ᠣᠷᠣᠨ ᠳᠤ ᠭᠦᠨᠵᠡᠭᠡᠶᠢᠷᠡᠨ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠲᠣᠬᠠᠢ ᠶᠢᠨ ᠭᠠᠵᠠᠷ ᠲᠤ ᠨᠢ ᠰᠢᠮᠳᠠᠭᠤᠯᠤᠨ ᠵᠢᠯᠤᠭᠤᠳᠬᠤ ᠳᠤ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠠᠵᠢᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠦᠸᠧ ᠸᠧᠶ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠳ᠋ ᠰᠠᠶᠢᠳ ᠵᠠᠩ ᠲᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠲᠣᠰ ᠲᠣᠰ ᠰᠢᠮᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠤᠯᠲᠠ ᠬᠢᠬᠦ ᠳᠤ ᠪᠠᠷ᠎ᠠ ᠪᠣᠯᠣᠯᠴᠠᠪᠠ᠃      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠤᠳᠤᠭᠠᠲᠤ ᠶᠢ ᠬᠠᠮᠠᠭᠠᠯᠠᠬᠤ ᠴᠠᠭᠳᠠᠭᠠᠨ ᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃      8 ᠳ᠋ᠤᠭᠠᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠸᠠᠩ ᠯᠢ ᠰᠢᠶᠠ᠂ ᠯᠢᠨ ᠱᠤᠤ ᠴᠦᠨ᠂ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ 4 ᠳ᠋ᠦ᠋ᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ ᠲᠤᠬᠠᠶ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠢᠯᠡᠳᠬᠡᠯ ᠢ ᠲᠤᠭᠤᠷᠪᠢᠬᠤ ᠲᠤᠬᠠᠶ ᠰᠠᠨᠠᠯ ᠰᠠᠨᠠᠭᠤᠯᠭ᠎ᠠ ᠶᠢ ᠶᠠᠷᠢᠯᠴᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠤᠯᠠᠮᠵᠢᠯᠠᠨ ᠰᠤᠷᠤᠯᠴᠠᠭᠰᠠᠨ ᠪᠦᠭᠡᠳ ᠲᠣᠬᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠠ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠦᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠪᠠᠶᠢᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠠᠬᠢᠭᠤᠯᠬᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠵᠦᠢᠯᠡᠰ ᠢ ᠰᠤᠳᠤᠯᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠬᠤ ᠶᠢ ᠨᠢ ᠱᠠᠩᠨᠠᠵᠤ ᠨᠦᠬᠦᠪᠦᠷᠢᠯᠡᠬᠦ ᠠᠷᠭ᠎ᠠ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ︶ ᠢ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶᠂ ᠬᠤᠳᠠ ᠶᠢᠨ ᠰᠢᠨᠡᠳᠭᠡᠨ ᠰᠠᠶᠢᠵᠢᠷᠠᠭᠤᠯᠬᠤ ᠠᠵᠢᠯᠯᠠᠭᠠᠨ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠥᠭᠡᠢ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠦᠯᠦᠪᠵᠢᠭᠦᠯᠭᠡ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠦᠯᠦᠪᠵᠢᠭᠦᠯᠭᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠪᠠ ᠥᠭᠡᠷᠡᠴᠢᠯᠡᠯᠲᠡ ᠶᠢᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠦᠯᠦᠪᠵᠢᠭᠦᠯᠭᠡ ᠶᠢᠨ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠥᠪᠵᠢᠭᠦᠯᠭᠡ ᠶᠢ ᠰᠤᠳᠤᠯᠪᠠ᠃      8 ᠳ᠋ᠤᠭᠠᠷ ᠰᠠᠷ᠎ᠠ ᠶᠢᠨ 23 ᠤ ᠡᠳᠦᠷ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠪᠥᠬᠦ ᠣᠷᠣᠨ ᠤ 12 ᠠᠶᠢᠮᠠᠭ ᠬᠤᠲᠠ ᠸᠢᠳᠢᠣ᠋ ᠪᠠᠷ ᠬᠤᠯᠪᠣᠨ ᠵᠠᠯᠭᠠᠬᠤ ᠠᠷᠭ᠎ᠠ ᠮᠠᠶ᠋ᠢᠭ ᠢᠶᠠᠷ ᠠᠵᠢᠯᠯᠠᠭ᠎ᠠ ᠳᠤ ᠣᠷᠣᠯᠴᠠᠪᠠ᠃      8 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2021 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠸᠠᠩ ᠯᠢ ᠰᠢᠶᠠ᠂ ᠯᠢ ᠰᠢᠤ ᠯᠢᠩ᠂ ᠯᠢᠨ ᠱᠤᠤ ᠴᠦᠨ᠂ ᠯᠢᠦ ᠴᠢ ᠹᠠᠨ᠂ ᠮᠧᠩ ᠹᠠᠨ ᠯᠢ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠠ ᠴᠢᠩ ᠯᠸᠢ᠂ ᠨᠠᠰᠤᠨᠮᠦ᠋ᠩᠬᠡ ᠤᠷᠢᠳ ᠬᠤᠵᠢᠳ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭᠯᠡᠭᠰᠡᠨ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠪᠡ᠃ ᠤᠯᠠᠨ ᠢᠶᠠᠷ ᠢᠶᠠᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠵᠡᠯ ᠰᠠᠨᠠᠭ᠎ᠠ ᠪᠠ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠠᠰᠠᠭᠤᠳᠠᠯ ᠢ ᠪᠠᠶᠢᠴᠠᠭᠠᠨ ᠳᠡᠯᠭᠡᠵᠦ ᠵᠠᠳᠠᠯᠤᠨ ᠰᠢᠨᠵᠢᠯᠡᠵᠦ᠂ ᠬᠠᠷᠢᠭᠤᠴᠠᠬᠤ ᠪᠤᠳᠤᠯᠭ᠎ᠠ ᠪᠠ ᠰᠠᠨᠠᠭᠤᠯᠭ᠎ᠠ ᠳᠤᠷᠠᠳᠴᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠣᠶᠢᠯᠠᠭᠠᠨ ᠡᠵᠡᠮᠰᠢᠬᠦ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃      ᠠᠮᠢ ᠠᠬᠤᠢ ᠣᠷᠴᠢᠨ ᠲᠣᠭᠤᠷᠢᠨ ᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠵᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠭᠠᠷ ᠤᠨ ᠦᠰᠦᠭ ᠵᠢᠷᠤᠭᠰᠠᠨ ᠢ ᠬᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ ᠵᠢᠴᠢ ᠠᠮᠢ ᠠᠬᠤᠢ ᠣᠷᠴᠢᠨ ᠲᠣᠭᠤᠷᠢᠨ ᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠳᠡᠳ᠋ ᠰᠠᠶᠢᠳ ᠵᠣᠣ ᠶᠢᠩ ᠮᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠲᠣᠰ ᠲᠣᠰ ᠠᠮᠢ ᠠᠬᠤᠶ ᠣᠷᠴᠢᠨ ᠲᠣᠭᠤᠷᠢᠨ ᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠯᠠᠱᠠ ᠠᠶᠢᠮᠠᠭ ᠤᠨ ᠵᠠᠬᠢᠷᠭ᠎ᠠ ᠯᠤᠭ᠎ᠠ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠠᠰᠠᠭᠤᠳᠠᠯ ᠤᠨ ᠲᠠᠯ᠎ᠠ ᠪᠠᠷ ᠪᠣᠯᠵᠣᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠣᠤ ᠴᠦᠨ ᠪᠣᠯᠵᠣᠨ ᠶᠠᠷᠢᠯᠴᠠᠬᠤ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠵᠣᠨ ᠶᠠᠷᠢᠯᠴᠠᠬᠤ ᠳᠤ ᠣᠷᠣᠯᠴᠠᠪᠠ᠃      8 ᠳ᠋ᠤᠭᠠᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠴᠢᠬᠤᠯᠠ ᠶᠡᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠴᠢᠨᠠᠷ ᠰᠠᠶᠢᠲᠠᠢ ᠬᠥᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢ ᠲᠡᠷᠢᠭᠦᠨ ᠳᠤ ᠪᠣᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠮᠤ ᠲᠢᠩᠬᠢᠮ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠡᠯᠲᠡᠰ ᠪᠠ ᠰᠤᠷᠭᠠᠨ ᠬᠦᠮᠦᠵᠢᠯ ᠤᠨ ᠲᠢᠩᠭᠢᠮ ᠳᠤ ᠭᠦᠨᠵᠡᠭᠡᠶᠢᠷᠡᠵᠦ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ ︾᠂ ᠲᠠᠪᠴᠠᠩ ᠤᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠠᠵᠢᠯᠯᠠᠭᠠᠨ᠂ ᠵᠠᠰᠠᠭ ᠤᠨ ᠶᠠᠪᠤᠳᠠᠯ ᠤᠨ ᠳ᠋ᠡᠶᠢᠲ᠋ᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠭᠰᠡᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠭᠠᠳ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠤ ᠬᠠᠮᠲᠤ ᠲᠤᠬᠠᠶ ᠶᠢᠨ ᠲᠠᠯᠠᠪᠤᠷ ᠲᠤ ᠠᠯᠪᠠᠯᠠᠵᠤ᠂ ᠤᠯᠠᠨ ᠲᠠᠢ ᠬᠠᠮᠲᠤ ᠪᠠᠷ ᠳ᠋ᠡᠶᠢᠲ᠋ᠠ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ᠂ ᠰᠦᠯᠵᠢᠶ᠎ᠡ ᠪᠠᠷ ᠪᠠ ᠭᠠᠷ ᠤᠲᠠᠰᠤ ᠪᠠᠷ ᠭᠦᠢᠴᠡᠳᠭᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠷᠠᠳ ᠲᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠪᠠ ᠠᠷᠭ᠎ᠠ ᠠᠪᠴᠠᠯ ᠢ ᠶᠠᠷᠢᠯᠴᠠᠨ ᠰᠦᠪᠡᠭᠴᠢᠯᠡᠪᠡ᠃      8 ᠳ᠋ᠤᠭᠠᠷ ᠰᠠᠷ᠎ᠠ ᠶᠢᠨ 25 ᠤ ᠡᠳᠦᠷ ᠠᠴᠠ 26 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ᠂ ᠯᠢᠨᠾᠧ ᠲᠣᠭᠤᠷᠢᠭ ᠪᠠ ᠣᠷᠳᠣᠰ ᠬᠤᠲᠠ ᠶᠢᠨ ᠬᠠᠩᠭᠢᠨ ᠬᠤᠰᠢᠭᠤ᠂ ᠦᠤᠰᠢᠨ ᠬᠤᠰᠢᠭᠤ᠂ ᠡᠵᠡᠨ ᠬᠤᠷᠤᠭ᠎ᠠ ᠬᠤᠰᠢᠭᠤᠨ ᠳᠤ ᠭᠦᠨᠵᠡᠭᠡᠶᠢᠷᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠲᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠠᠯ᠎ᠠ ᠳᠠᠬᠢ ᠲᠤᠪᠤᠶᠢᠮ᠎ᠠ ᠠᠰᠠᠭᠤᠳᠠᠯ ᠢ ᠡᠷᠡᠰ ᠢᠶᠠᠷ ᠡᠷᠴᠢᠮᠲᠡᠢ ᠪᠦᠭᠡᠳ ᠲᠦᠢᠯᠪᠤᠷᠢᠲᠠᠢ ᠥᠭᠡᠷᠡᠴᠢᠯᠡᠨ ᠰᠠᠶᠢᠵᠢᠷᠠᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠤᠰ ᠠᠵᠢᠯᠯᠠᠭ᠎ᠠ ᠳᠤ ᠣᠷᠣᠯᠴᠠᠪᠠ᠃      8 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠬᠤᠲᠠ ᠳᠤ ᠭᠦᠨᠵᠡᠭᠡᠶᠢᠷᠡᠨ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠴᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠰᠢᠨᠵᠢᠯᠡᠨ ᠪᠠᠶᠢᠴᠠᠭᠠᠬᠤ ᠳᠤ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠤᠯᠲᠠ ᠶᠢ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠵᠢᠯ ᠪᠣᠯᠭᠠᠨ ᠦᠨᠡᠨ ᠬᠦ ᠴᠢᠩᠭ᠎ᠠ ᠪᠥᠭᠡᠳ ᠰᠠᠶᠢᠲᠤᠷ ᠠᠳᠬᠤᠬᠤ ᠬᠡᠷᠡᠭᠲᠡᠶ᠃ ᠰᠠᠶᠢᠨ ᠬᠢᠬᠦ ᠶᠢ ᠬᠥᠭᠡᠭᠡᠴᠡᠯᠳᠦᠬᠦ ᠠᠴᠠ ᠪᠢᠰᠢ ᠲᠦᠷᠭᠡᠨ ᠬᠢᠬᠦ ᠶᠢ ᠬᠥᠭᠡᠭᠡᠴᠡᠯᠳᠦᠬᠦ ᠥᠬᠡᠶ᠂ ᠯᠠᠪᠳᠠᠭᠤᠨ ᠲᠣᠭᠲᠠᠭᠤᠨ ᠢᠶᠠᠷ ᠠᠬᠢᠭᠤᠯᠬᠤ ᠶᠢ ᠪᠠᠷᠢᠮᠲᠠᠯᠠᠵᠤ᠂ ᠡᠳᠡᠭᠡᠷ ᠠᠴᠠ ᠮᠠᠯᠴᠢᠨ ᠲᠠᠷᠢᠶᠠᠴᠢᠨ ᠣᠯᠠᠨ ᠲᠦᠮᠡᠨ ᠤ ᠠᠰᠢᠭ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      8 ᠳ᠋ᠤᠭᠠᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠭᠦᠳ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠣᠤ ᠴᠦᠨ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢ᠊ ᠪᠠᠲᠤ ᠬᠤᠷᠠᠯ ᠢ ᠡᠷᠭᠢᠯᠡᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠦᠪᠯᠡᠪᠡ᠃      8 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠧᠯᠸᠢᠰ ᠤᠲᠠᠰᠤᠲᠤ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠸᠢᠳᠢᠣ᠋ ᠪᠠᠷ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠣᠭᠤᠰᠢᠯᠠᠭᠤᠯᠵᠤ᠂ ᠪᠦᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠣᠤ ᠴᠦᠨ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠠ᠃      8 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠬᠤᠲᠠ ᠶᠢᠨ ᠨᠠᠷᠢᠯᠢᠭ ᠬᠠᠮᠢᠶᠠᠷᠤᠯᠲᠠ ᠶᠢᠨ ᠠᠵᠢᠯ ᠤᠨ ᠠᠬᠤᠢ ᠲᠠᠯᠠᠪᠠᠶ ᠶᠢᠨ ᠬᠤᠷᠠᠯ ᠢ ᠬᠥᠬᠡᠬᠤᠲᠠ ᠳᠤ ᠬᠤᠷᠠᠯᠳᠤᠭᠤᠯᠵᠤ᠂ ᠬᠤᠲᠠ ᠶᠢᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠳᠬᠤᠮᠠᠯ ᠬᠠᠳᠬᠤᠬᠤ ᠲᠠᠢ ᠠᠳᠠᠯᠢ ᠡᠷᠳᠡᠮ ᠢᠶᠠᠷ ᠬᠤᠲᠠ ᠶᠢᠨ ᠨᠠᠷᠢᠯᠢᠭ ᠬᠠᠮᠢᠶᠠᠷᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠲᠤᠰ ᠬᠤᠷᠠᠯ ᠢ ᠡᠷᠬᠢᠯᠡᠭᠰᠡᠨ ᠤ ᠬᠠᠮᠲᠤ᠂ ᠪᠥᠬᠦ ᠣᠷᠣᠨ ᠤ ᠬᠤᠲᠠ ᠶᠢᠨ ᠨᠠᠷᠢᠯᠢᠭ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠠᠯ᠎ᠠ ᠪᠠᠷ ᠪᠣᠳᠠᠲᠠᠶ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠪᠥᠬᠦ ᠣᠷᠣᠨ ᠤ ᠬᠤᠲᠠ ᠶᠢᠨ ᠨᠠᠷᠢᠯᠢᠭ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠤᠯᠢᠯᠴᠠᠬᠤ ᠦᠭᠡ ᠬᠡᠯᠡᠪᠡ᠃      8 ᠳ᠋ᠤᠭᠠᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠾᠧᠪᠧᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ︽ᠬᠤᠶᠠᠷ ᠶᠡᠬᠡᠲᠡᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠲᠧᠯᠸᠢᠰ ᠤᠲᠠᠰᠤᠲᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠵᠦᠢᠯᠡᠰ ᠢ ᠶᠠᠷᠢᠯᠴᠠᠨ ᠰᠤᠳᠤᠯᠪᠠ᠃ ᠬᠤᠷᠠᠯ ᠠᠴᠠ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠦᠪ ᠢᠶᠠᠨ ᠵᠦᠢ ᠵᠣᠬᠢᠰᠲᠠᠶ ᠲᠣᠬᠢᠷᠠᠭᠤᠯᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      8 ᠳ᠋ᠤᠭᠠᠷ ᠰᠠᠷ᠎ᠠ ᠶᠢᠨ 30 ᠤ ᠡᠳᠦᠷ ᠠᠴᠠ 9 ᠳ᠋ᠦ᠋ᠭᠡᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠦᠩᠯᠢᠶᠣᠤ ᠬᠤᠲᠠ ᠶᠢᠨ ᠬᠤᠷᠴᠢᠨ ᠲᠣᠭᠤᠷᠢᠭ᠂ ᠺᠠᠶᠢᠯᠦ ᠰᠢᠶᠠᠨ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠬᠤᠩᠱᠠᠨ ᠲᠣᠭᠤᠷᠢᠭ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠬᠦ ᠶᠢ ᠬᠡᠷᠡᠭᠵᠢᠭᠦᠯᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠢᠳᠡᠪᠬᠢᠲᠡᠢ ᠪᠦᠭᠡᠳ ᠰᠠᠨᠠᠭᠠᠴᠢᠯᠠᠭ᠎ᠠ ᠠᠴᠠ ᠪᠠᠨ ᠴᠢᠷᠮᠠᠶᠢᠨ ᠠᠵᠢᠯᠯᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠦ ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠯᠠᠪᠳᠠᠭᠤᠨ ᠪᠦᠭᠡᠳ ᠡᠷᠴᠢᠮᠲᠡᠢ ᠠᠵᠢᠯ ᠤᠨ ᠠᠷᠭ᠎ᠠ ᠬᠡᠮᠵᠢᠶ᠎ᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠤᠰ ᠠᠵᠢᠯᠯᠠᠭ᠎ᠠ ᠳᠤ ᠣᠷᠣᠯᠴᠠᠪᠠ᠃      8 ᠳ᠋ᠤᠭᠠᠷ ᠰᠠᠷ᠎ᠠ ᠶᠢᠨ 31 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠭᠦᠨᠵᠡᠭᠡᠶᠢᠷᠡᠨ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠬᠢᠭᠡᠳ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠠᠮᠤᠷ ᠢ ᠬᠠᠮᠠᠭᠠᠯᠠᠬᠤ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号