ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠳᠤ ᠲᠤᠰᠬᠠᠶ ᠬᠡᠷᠡᠭᠯᠡᠬᠦ ᠦᠷ᠎ᠡ ᠰᠠᠴᠣᠬᠤ ᠮᠠᠰᠢᠨ ᠤ ᠨᠥᠬᠦᠪᠥᠷᠢ ᠶᠢᠨ ᠬᠦᠰᠦᠨᠦᠭ ᠲᠤ ᠵᠠᠰᠠᠪᠤᠷᠢ ᠤᠷᠤᠭᠤᠯᠤᠭᠰᠠᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/3/25
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠠᠮᠢᠶ᠎ᠠ ᠪᠥᠬᠦᠶ ᠨᠢᠭᠡᠴᠢ ᠳᠤ ᠄      ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠬᠤᠳᠠᠯᠳᠤᠨ ᠠᠪᠬᠤ ᠪᠠ ᠬᠡᠷᠡᠭᠯᠡᠭᠡᠨ ᠳᠤ ᠨᠥᠬᠦᠪᠥᠷᠢ ᠥᠭᠬᠦ ᠲᠤᠷᠰᠢᠯᠲᠠ ᠶᠢᠨ ᠴᠡᠭ ᠤᠨ ᠲᠤᠬᠢᠷᠠᠭᠤᠯᠤᠯᠳᠠ ᠶᠢ ᠦᠨᠳᠦᠰᠦᠯᠡᠨ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠳᠤ ᠲᠤᠰᠬᠠᠶ ᠬᠡᠷᠡᠭᠯᠡᠬᠦ ᠦᠷ᠎ᠡ ᠰᠠᠴᠣᠬᠤ ᠮᠠᠰᠢᠨ ᠤ ᠨᠥᠬᠦᠪᠥᠷᠢ ᠶᠢᠨ ᠲᠤᠭ᠎ᠠ ᠶᠢᠨ ᠲᠤᠬᠠᠢ ᠠᠯᠪᠠᠨ ᠵᠠᠷ》 ( ᠠᠯᠪᠠᠨ ᠵᠠᠷ ﹇2022 ﹈ 29 ᠳᠤᠭᠡᠷ ᠲᠣᠭᠠᠲᠤ᠂ ᠳᠣᠷᠣᠭᠰᠢ 《ᠠᠯᠪᠠᠨ ᠵᠠᠷ》 ᠭᠡᠵᠦ ᠲᠣᠪᠴᠢᠯᠠᠨ᠎ᠠ ) ᠤᠨ ᠰᠠᠭᠤᠷᠢᠨ ᠳᠡᠭᠡᠷ᠎ᠡ ᠳᠣᠣᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠪᠠ᠃      ᠨᠢᠭᠡ᠂ 《 ᠠᠯᠪᠠᠨ ᠵᠠᠷ 》 ᠲᠠᠬᠢ ᠳ᠋ᠠᠩ ᠮᠦᠬᠦᠯᠢᠭᠲᠦ ( ᠨᠠᠷᠢᠯᠢᠭ ) ᠦᠷ᠎ᠡ ᠰᠠᠴᠣᠬᠤ ᠮᠠᠰᠢᠨ ᠤ ᠭᠠᠷᠴᠠᠬᠯᠠᠯ ᠳᠤ 《ᠥᠨᠳᠥᠷ ᠴᠢᠳᠠᠪᠬᠢᠲᠤ 4 - 5 ᠵᠤᠷᠬ᠎ᠠ ᠶᠢᠨ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠢᠭᠡ ᠴᠤᠭᠴᠠᠵᠢᠭᠤᠯᠤᠭᠰᠠᠨ ᠴᠢᠷᠬᠦ ᠬᠡᠯᠪᠡᠷᠢ ᠶᠢᠨ ᠦᠯᠦ ᠬᠠᠭᠠᠯᠪᠤᠷᠢᠯᠠᠬᠤ ᠦᠷ᠎ᠡ ᠰᠠᠴᠣᠬᠤ ᠮᠠᠰᠢᠨ》 ᠪᠠ 《ᠥᠨᠳᠥᠷ ᠴᠢᠳᠠᠪᠬᠢᠲᠤ 6 ᠵᠤᠷᠬ᠎ᠠ ᠵᠢᠴᠢ ᠲᠡᠭᠦᠨ ᠠᠴᠠ ᠳᠡᠭᠡᠭᠰᠢᠬᠢ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠢᠭᠡ ᠴᠤᠭᠴᠠᠵᠢᠭᠤᠯᠤᠭᠰᠠᠨ ᠴᠢᠷᠬᠦ ᠬᠡᠯᠪᠡᠷᠢ ᠶᠢᠨ ᠦᠯᠦ ᠬᠠᠭᠠᠯᠪᠤᠷᠢᠯᠠᠬᠤ ᠦᠷ᠎ᠡ ᠰᠠᠴᠣᠬᠤ ᠮᠠᠰᠢᠨ》 ᠭᠡᠬᠦ ᠬᠤᠶᠠᠷ ᠲᠠᠰ  ᠢ ᠨᠡᠮᠡᠪᠡ᠃      ᠬᠤᠶᠠᠷ᠂ 《ᠠᠯᠪᠠᠨ ᠵᠠᠷ》 ᠲᠠᠬᠢ ᠪᠦᠷᠬᠦᠪᠴᠢ ᠪᠦᠷᠬᠦᠨ ( ᠪᠦᠰᠡ ) ᠦᠷ᠎ᠡ ᠰᠠᠴᠤᠬᠤ ᠮᠠᠰᠢᠨ ᠤ ᠳᠣᠤᠷᠠᠬᠢ 《6 ᠵᠣᠷᠬ᠎ᠠ ᠵᠢᠴᠢ ᠲᠡᠭᠦᠨ ᠠᠴᠠ ᠳᠡᠭᠡᠭᠰᠢᠬᠢ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠢᠭᠡ ᠴᠤᠭᠴᠠᠵᠢᠭᠤᠯᠤᠭᠰᠠᠨ ᠪᠦᠷᠬᠦᠪᠴᠢ ᠪᠦᠷᠬᠦᠨ ᠦᠷ᠎ᠡ ᠰᠠᠴᠤᠬᠤ ᠮᠠᠰᠢᠨ 》 ᠢ ᠲᠠᠰ ᠬᠤᠪᠢᠶᠠᠨ ᠰᠢᠯᠢᠳᠡᠭᠵᠢᠭᠦᠯᠵᠦ᠂ ᠰᠢᠯᠢᠳᠡᠭᠵᠢᠭᠦᠯᠦᠭᠰᠡᠨ ᠤ ᠳᠠᠷᠠᠭ᠎ᠠ 《6 - 10 ᠵᠣᠷᠬ᠎ᠠ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠢᠭᠡ ᠴᠤᠭᠴᠠᠵᠢᠭᠤᠯᠤᠭᠰᠠᠨ ᠪᠦᠷᠬᠦᠪᠴᠢ ᠪᠦᠷᠬᠦᠨ ᠦᠷ᠎ᠡ ᠰᠠᠴᠣᠬᠤ ᠮᠠᠰᠢᠨ》 ᠪᠣᠯᠣᠨ 《11 ᠵᠣᠷᠬ᠎ᠠ ᠵᠢᠴᠢ ᠲᠡᠭᠦᠨ  ᠠᠴᠠ ᠳᠡᠭᠡᠭᠰᠢᠬᠢ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠢᠭᠡ ᠴᠤᠭᠴᠠᠵᠢᠭᠤᠯᠤᠭᠰᠠᠨ ᠪᠦᠷᠬᠦᠪᠴᠢ ᠪᠦᠷᠬᠦᠨ ᠦᠷ᠎ᠡ ᠰᠠᠴᠣᠬᠤ ᠮᠠᠰᠢᠨ》 ᠪᠣᠯᠭᠠᠪᠠ ᠃      ᠭᠤᠷᠪᠠ᠂ ᠳᠠᠩᠰᠠ ᠡᠪᠬᠡᠮᠡᠯ ᠥᠭᠬᠦ ᠨᠠᠷᠢᠨ ᠪᠣᠯᠵᠣᠯᠲᠤ ᠲᠤᠭ᠎ᠠ ᠵᠢᠴᠢ ᠨᠥᠬᠦᠪᠥᠷᠢ ᠶᠢᠨ ᠲᠤᠭ᠎ᠠ ᠶᠢ ᠳᠠᠭᠠᠯᠳᠤᠭᠤᠯᠤᠯ ᠳᠤ ᠦᠵᠡᠭᠡᠷᠡᠢ ᠃ ᠣᠳᠣᠬᠠᠨ ᠳᠤ ᠮᠠᠨ ᠤ ᠣᠷᠣᠨ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠳᠤ ᠨᠥᠬᠦᠪᠥᠷᠢ ᠦᠭᠬᠦ ᠦᠶᠯᠡᠳᠬᠦᠨ ᠤ ᠲᠠᠩᠰᠠ ᠡᠪᠬᠡᠮᠡᠯ ᠳᠤ ᠤᠷᠤᠭᠤᠯᠬᠤ ᠠᠵᠢᠯ ᠢ ᠨᠢᠭᠡᠨᠲᠡ ᠡᠬᠢᠯᠡᠭᠦᠯᠪᠡ᠂ ᠬᠤᠯᠪᠣᠭᠳᠠᠯ ᠪᠥᠬᠦᠶ ᠦᠢᠯᠡᠳᠪᠦᠷᠢᠯᠡᠬᠦ ᠠᠵᠤ ᠠᠬᠤᠶᠢᠯᠠᠯ ᠤᠳ ᠳᠠᠭᠠᠯᠳᠤᠭᠤᠯᠤᠯ  ᠤᠨ ᠠᠭᠤᠯᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ ᠲᠠᠩᠰᠠ ᠡᠪᠬᠡᠮᠡᠯ ᠥᠭᠬᠦ ᠠᠵᠢᠯ ᠢ ᠵᠢᠷᠤᠮᠵᠢᠭᠤᠯᠤᠨ ᠦᠷᠨᠢᠭᠦᠯᠦᠭᠡᠷᠡᠢ ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠳᠤ ᠲᠤᠰᠬᠠᠶ ᠬᠡᠷᠡᠭᠯᠡᠬᠦ ᠦᠷ᠎ᠡ ᠰᠠᠴᠣᠬᠤ ᠮᠠᠰᠢᠨ ᠤ ᠨᠥᠬᠦᠪᠥᠷᠢ ᠶᠢᠨ ᠬᠦᠰᠦᠨᠦᠭ (ᠰᠢᠨ᠎ᠡ ᠪᠦᠲᠦᠭᠡᠭᠳᠡᠬᠦᠨ 2022 ᠣᠨ ᠳᠤ ᠵᠠᠰᠠᠪᠤᠷᠢ ᠣᠷᠣᠭᠤᠯᠪᠠ)                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                    2022 ᠣᠨ ᠤ 3 ᠰᠠᠷ᠎ᠠ ᠶᠢᠨ 24 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号