ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ | ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠳᠤ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ | ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ 《 ᠤᠯᠤᠰ ᠤᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ | ᠬᠢᠭᠡᠳ ᠲᠠᠬᠤᠯ ᠡᠪᠡᠳᠴᠢᠨ ᠤ ᠰᠤᠳᠤᠯᠤᠯ ᠢ ᠪᠠᠶᠢᠴᠠᠭᠠᠬᠤ ᠲᠥᠯᠥᠪᠯᠡᠭᠡ ( 2021 - 2025 ᠣᠨ ) 》᠂ | 《 ᠤᠯᠤᠰ ᠤᠨ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠪᠦᠷᠢ ᠬᠢᠬᠦ ᠶᠢ ᠵᠢᠯᠣᠭᠤᠳᠬᠤ ᠰᠠᠨᠠᠯ | ( 2022 - 2025 ᠣᠨ ) 》 ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠤᠨ᠂ ᠪᠦᠬᠦ ᠣᠷᠣᠨ ᠤ ᠮᠠᠯ ᠡᠮᠨᠡᠯᠭᠡ ᠶᠢᠨ ᠰᠢᠰᠲ᠋ᠧᠮ ᠤᠨ ᠭᠤᠣᠯᠳᠠᠯᠭ᠎ᠠ ᠲᠠᠢ ᠡᠭᠦᠷᠭᠡ ᠪᠣᠯᠤᠨ | ᠠᠮᠢᠲᠠᠨ ᠤ ᠬᠢᠵᠢᠭ ᠡᠪᠡᠳᠴᠢᠨ ᠤ ᠡᠭᠡᠯᠢᠯᠡᠪᠦᠷᠢ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠂ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠮᠠᠯ ᠤᠨ ᠡᠮ ᠤᠨ ᠶᠠᠰᠤ ᠴᠢᠨᠠᠷ ᠲᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠂ ᠢᠳᠡᠭᠡᠨ ᠤ ᠠᠮᠤᠷ ᠲᠦᠪᠰᠢᠨ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ 《 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ | ᠶᠢᠨ ᠠᠵᠢᠯ ᠤᠨ ᠭᠤᠤᠯᠳᠠᠯᠭ᠎ᠠ 》 ᠵᠡᠷᠭᠡ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠪᠠ ᠃ ᠡᠳᠦᠭᠡ ᠲᠠᠨᠠᠷ | ᠲᠤ ᠳᠠᠷᠤᠮᠠᠯᠯᠠᠨ ᠲᠠᠷᠬᠠᠭᠠᠪᠠ ᠂ ᠵᠢᠷᠤᠮᠯᠠᠨ ᠬᠡᠷᠡᠭᠵᠢᠭᠦᠯᠲᠦᠭᠡᠶ ᠃ | ᠳᠠᠭᠠᠯᠳᠤᠭᠤᠯᠤᠯ᠄ 《 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠡᠮᠨᠡᠯᠭᠡ ᠶᠢᠨ ᠠᠵᠢᠯ ᠤᠨ ᠭᠤᠤᠯᠳᠠᠯᠭ᠎ᠠ》 ᠵᠡᠷᠭᠡ ᠣᠨ ᠤ ᠠᠵᠢᠯ ᠤᠨ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2022 ᠣᠨ ᠤ 1 ᠰᠠᠷ᠎ᠠ ᠶᠢᠨ 25 ᠤ ᠡᠳᠦᠷ | |