ᠬᠦᠷᠦᠰᠦ ᠰᠢᠷᠤᠢ ᠳᠤ ᠨᠢᠭᠡ ᠤᠳᠠᠭ᠎ᠠ ᠶᠢᠨ ᠪᠦᠬᠦ ᠲᠠᠯ᠎ᠠ ᠶᠢᠨ ᠪᠠᠶᠢᠴᠠᠭᠠᠯᠲᠠ ᠬᠢᠶ᠎ᠡ︕
ᠨᠡᠶᠢᠲᠡᠯᠡᠭᠰᠡᠨ ᠴᠠᠭ᠄
2022/4/11
      ᠬᠥᠷᠥᠰᠥ ᠰᠢᠷᠣᠢ ᠳᠤ ︽ ᠪᠦᠬᠦ ᠲᠠᠯ᠎ᠠ ᠶᠢᠨ ᠪᠠᠶᠢᠴᠠᠭᠠᠯᠲᠠ︾ ᠬᠢᠬᠦ      ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ  ᠨᠢ 2022 ᠣᠨ ᠠᠴᠠ 2025 ᠣᠨ ᠪᠣᠯᠲᠠᠯ᠎ᠠ᠂ ᠪᠥᠬᠦ ᠤᠯᠤᠰ ᠤᠨ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠠ ᠬᠡᠰᠡᠭ ᠠᠰᠢᠭᠯᠠᠭᠠᠳᠤᠢ ᠭᠠᠵᠠᠷ ᠤᠨ ᠬᠥᠷᠥᠰᠥ ᠰᠢᠷᠣᠢ ᠳᠤ ᠨᠢᠭᠡ ᠤᠳᠠᠭᠠᠨ ᠤ ︽ᠪᠥᠬᠦ ᠲᠠᠯ᠎ᠠ ᠶᠢᠨ ᠪᠠᠶᠢᠴᠠᠭᠠᠯᠲᠠ︾ ᠬᠢᠬᠦ ᠪᠣᠯᠣᠨ᠎ᠠ᠃ ᠣᠳᠣᠬᠠᠨ ᠳᠤ᠂ ᠥᠪᠥᠷ ᠮᠣᠩᠭᠤᠯ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠴᠤ ᠵᠢᠩᠬᠢᠨᠢ ᠪᠠᠷ ᠡᠬᠢᠯᠡᠪᠡ᠃      ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠬᠥᠷᠥᠰᠥ ᠰᠢᠷᠣᠢ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ ᠂ ᠬᠥᠷᠥᠰᠥ ᠰᠢᠷᠣᠢ ᠶᠢᠨ ᠲᠦᠷᠦᠯ ᠬᠡᠯᠪᠡᠷᠢ ᠶᠢᠨ ᠨᠡᠶᠢᠳᠡᠮ ᠪᠠᠶᠢᠴᠠᠭᠠᠯᠲᠠ ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠤᠨ ᠨᠡᠶᠢᠳᠡᠮ ᠪᠠᠶᠢᠴᠠᠭᠠᠯᠲᠠ ᠪᠣᠯᠣᠨ ᠬᠥᠷᠥᠰᠥ ᠰᠢᠷᠣᠢ ᠠᠰᠢᠭᠯᠠᠵᠤ ᠪᠠᠶᠢᠭ᠎ᠠ ᠪᠠᠶᠢᠳᠠᠯ ᠤᠨ ᠨᠡᠶᠢᠳᠡᠮ ᠪᠠᠶᠢᠴᠠᠭᠠᠯᠲᠠ ᠵᠡᠷᠭᠡ ᠳᠦᠷᠪᠡᠨ ᠲᠠᠯ᠎ᠠ ᠪᠠᠭᠲᠠᠨ᠎ᠠ ᠃      ᠥᠪᠥᠷ ᠮᠣᠩᠭᠤᠯ ᠤᠨ ᠬᠢᠨ ᠪᠥᠬᠦ ᠣᠷᠣᠨ ᠤ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠬᠤ ᠪᠠᠷ ᠪᠣᠶ᠃      ᠨᠡᠶᠢᠳᠡᠮ ᠪᠠᠶᠢᠴᠠᠭᠠᠯᠲᠠ ᠶᠢᠨ ︽ᠴᠠᠭ ᠤᠨ ᠬᠦᠰᠦᠨᠦᠭᠲᠦ︾ ᠶᠣᠰᠣᠭᠠᠷ᠂ 2022 ᠣᠨ ᠳᠤ᠂ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ᠂ ᠣᠨ ᠤ ᠲᠤᠷᠰᠢᠯᠲᠠ ᠶᠢᠨ ᠲᠥᠰᠥᠯ ᠪᠠ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠲᠥᠰᠥᠯ ᠢ ᠲᠣᠭᠲᠠᠭᠠᠬᠤ ᠬᠡᠷᠡᠭᠲᠡᠢ︔ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ᠂ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠢ ᠵᠣᠬᠢᠶᠠᠨ ᠪᠠᠶᠢᠭᠤᠯᠤᠨ ᠲᠤᠷᠰᠢᠯᠲᠠ ᠶᠢᠨ ᠴᠡᠭ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠪᠥᠬᠦ ᠣᠷᠣᠨ ᠤ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠬᠦ ᠶᠢᠨ ᠬᠠᠮᠲᠤ ᠪᠡᠶᠡᠯᠡᠭᠦᠯᠦᠨ᠎ᠡ᠃       ᠲᠦᠷᠦ ᠶᠢᠨ ᠪᠣᠳᠣᠯᠭ᠎ᠠ ᠶᠢᠨ ᠤᠭ ᠵᠣᠬᠢᠶᠠᠯ ᠄      ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号