ᠡᠪᠦᠯ ᠬᠤᠨᠢ ᠲᠡᠵᠢᠭᠡᠬᠦ ᠳᠤ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2022/4/7
      ᠨᠢᠭᠡ ᠂ ᠲᠡᠵᠢᠭᠡᠯ ᠪᠣᠷᠳᠤᠭ᠎ᠠ ᠪᠠᠨ ᠭᠦᠢᠴᠡᠳ ᠪᠡᠯᠡᠳᠬᠡᠬᠦ ᠬᠡᠷᠡᠭᠲᠡᠢ ᠃ ᠡᠪᠦᠯ ᠤᠨ ᠤᠯᠠᠷᠢᠯ ᠳᠤ᠂ ᠬᠡᠭᠡᠷ᠎ᠡ ᠭᠠᠳᠠᠨᠠᠬᠢ ᠬᠤᠨᠢᠨ ᠤ ᠢᠳᠡᠰᠢ ᠶᠢ ᠬᠠᠩᠭᠠᠬᠤ ᠪᠡᠯᠴᠢᠭᠡᠷ ᠴᠥᠭᠡᠨ ᠪᠥᠭᠡᠳ ᠬᠤᠪᠠᠭ᠋ᠠᠢ ᠡᠪᠡᠰᠦᠨ ᠤ ᠡᠨᠧᠷᠭᠢ ᠪᠠ ᠰᠢᠮ᠎ᠡ ᠲᠡᠵᠢᠭᠡᠯ ᠤᠨ ᠥᠷᠲᠡᠭ ᠨᠢ ᠴᠦ ᠮᠠᠰᠢ ᠠᠨᠠᠢ ᠪᠠᠶᠢᠵᠤ᠂ ᠬᠤᠨᠢ ᠡᠪᠦᠯᠵᠢᠬᠦ ᠬᠤᠭᠤᠴᠠᠭᠠᠨ ᠳᠤ ᠰᠠᠶᠢᠨ ᠢᠳᠡᠵᠦ ᠳᠡᠶᠢᠯᠬᠦ ᠦᠭᠡᠢ᠂ ᠢᠳᠡᠵᠦ ᠴᠠᠳᠬᠤ ᠦᠭᠡᠢ ᠪᠣᠯ ᠲᠠᠷᠭᠤ ᠨᠢ ᠠᠮᠠᠷᠬᠠᠨ ᠪᠠᠭᠤᠷᠠᠳᠠᠭ᠃ ᠲᠡᠷᠡ ᠮᠥᠷᠲᠡᠭᠡᠨ ᠡᠪᠦᠯ ᠤᠨ ᠤᠯᠠᠷᠢᠯ ᠳᠤ ᠣᠯᠠᠩᠬᠢ ᠡᠮ᠎ᠡ ᠬᠤᠨᠢ ᠨᠢ  ᠬᠡᠭᠡᠯ  ᠲᠠᠢ ᠪᠠᠶᠢᠵᠤ ᠂ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ ᠪᠣᠯ ᠬᠡᠭᠡᠯ ᠤᠨ ᠪᠤᠶᠢᠵᠢᠯᠲᠠ ᠶᠢ ᠬᠦᠨᠳᠦ ᠨᠣᠴᠢᠲᠠᠢ ᠨᠥᠯᠥᠭᠡᠯᠡᠨ᠎ᠡ᠃ ᠡᠶᠢᠮᠦ ᠠᠴᠠ ᠡᠪᠦᠯᠵᠢᠬᠦ ᠡᠪᠡᠰᠦ ᠪᠣᠷᠳᠤᠭ᠎ᠠ ᠪᠠᠨ ᠭᠦᠢᠴᠡᠳ ᠪᠡᠯᠡᠳᠭᠡᠨ᠂ ᠬᠤᠨᠢᠨ ᠳᠤ ᠲᠡᠵᠢᠭᠡᠯ ᠪᠣᠷᠳᠤᠭ᠎ᠠ ᠨᠥᠬᠦᠬᠦ ᠨᠢ ᠲᠤᠶᠢᠯ ᠤᠨ ᠴᠢᠬᠤᠯᠠ ᠶᠤᠮ ᠃      ᠬᠤᠶᠠᠷ ᠂ ᠬᠤᠨᠢᠨ ᠰᠦᠷᠦᠭ ᠢ ᠴᠡᠭᠴᠡᠯᠡᠬᠦ ᠬᠡᠷᠡᠭᠲᠡᠢ ᠃ ᠵᠤᠨ ᠨᠠᠮᠤᠷ ᠤᠨ ᠪᠡᠯᠴᠢᠭᠡᠷᠯᠡᠭᠦᠯᠬᠦ ᠪᠠᠷ ᠳᠠᠮᠵᠢᠭᠠᠳ ᠪᠣᠳᠠᠭᠠᠯᠢ ᠪᠡᠶ᠎ᠡ ᠶᠢᠨ ᠬᠦᠨᠳᠦ ᠶᠢᠨ ᠨᠡᠮᠡᠭᠳᠡᠯ ᠤᠨ ᠪᠠᠶᠢᠳᠠᠯ ᠨᠢ ᠠᠳᠠᠯᠢ ᠦᠭᠡᠢ ᠪᠠᠶᠢᠳᠠᠭ ᠂ ᠬᠡᠷᠪᠡ ᠣᠨᠴᠠ ᠵᠠᠷᠢᠮ ᠬᠤᠨᠢᠨ ᠤ ᠪᠡᠶ᠎ᠡ ᠨᠢ ᠮᠠᠭᠤ ᠂ ᠬᠦᠨᠳᠦ ᠶᠢᠨ ᠨᠡᠮᠡᠭᠳᠡᠯ ᠤᠨ ᠬᠡᠮᠵᠢᠶ᠎ᠡ ᠨᠢ ᠪᠠᠭ᠎ᠠ ᠂ ᠮᠥᠨ ᠯᠡ ᠲᠠᠷᠭᠤ ᠮᠠᠭᠤᠲᠠᠢ ᠪᠠᠶᠢᠪᠠᠯ ᠬᠠᠬᠢᠷ ᠬᠦᠢᠲᠡᠨ ᠡᠪᠦᠯ ᠤᠨ ᠤᠯᠠᠷᠢᠯ ᠢ ᠥᠩᠭᠡᠷᠡᠭᠡᠬᠦ ᠳᠤ ᠲᠤᠩ ᠬᠦᠴᠢᠷ ᠲᠠᠢ ᠶᠤᠮ᠃ ᠡᠶᠢᠮᠦ ᠠᠴᠠ ᠬᠦᠢᠲᠡᠷᠡᠬᠦ ᠠᠴᠠ ᠡᠮᠦᠨ᠎ᠡ ᠪᠦᠬᠦᠶᠢᠯᠡ ᠬᠤᠨᠢᠨ ᠰᠦᠷᠦᠭ ᠲᠤ ᠪᠠᠨ ᠪᠠᠶᠢᠴᠠᠭᠠᠯᠲᠠ ᠬᠢᠵᠦ᠂ ᠡᠪᠦᠯᠵᠢᠬᠦ ᠳᠤ ᠬᠦᠴᠢᠷᠲᠡᠢ ᠬᠥᠭᠰᠢᠨ ᠬᠤᠨᠢ᠂ ᠨᠤᠤᠯᠤᠭᠤᠷ ᠤᠨ ᠭᠠᠷᠤᠯᠲᠠ ᠨᠢ ᠪᠠᠭ᠎ᠠ᠂ ᠵᠢᠯ ᠳᠠᠷᠠᠭᠠᠯᠠᠨ ᠰᠤᠪᠠᠶᠢᠷᠠᠭᠰᠠᠨ ᠡᠮ᠎ᠡ ᠬᠤᠨᠢ ᠵᠢᠴᠢ ᠪᠤᠶᠢᠵᠢᠯᠲᠠ ᠪᠠᠷ ᠠᠨᠠᠢ ᠨᠠᠰᠤ ᠭᠦᠢᠴᠡᠭᠰᠡᠨ ᠬᠤᠨᠢ ᠶᠢ ᠵᠣᠬᠢᠬᠤ ᠬᠡᠮᠵᠢᠶ᠎ᠡ ᠪᠠᠷ ᠰᠢᠭᠰᠢᠵᠦ ᠪᠣᠯᠣᠨ᠎ᠠ᠃ ᠡᠪᠦᠯᠵᠢᠭᠦᠯᠬᠦ ᠪᠠᠷ ᠦᠯᠡᠳᠡᠭᠡᠭᠰᠡᠨ ᠬᠤᠨᠢ ᠪᠠᠨ ᠰᠢᠮ᠎ᠡ ᠲᠡᠵᠢᠭᠡᠯ ᠤᠨ ᠪᠠᠶᠢᠳᠠᠯ  ᠢ ᠨᠢ ᠦᠨᠳᠦᠰᠦᠯᠡᠨ ᠰᠤᠷᠦᠭ ᠬᠤᠪᠢᠶᠠᠵᠤ ᠂ ᠠᠳᠠᠯᠢ ᠪᠤᠰᠤ ᠪᠠᠶᠢᠳᠠᠯ ᠢ ᠨᠢ ᠦᠨᠳᠦᠰᠦᠯᠡᠵᠦ᠂ ᠠᠳᠠᠯᠢ ᠪᠤᠰᠤ ᠶᠢᠨ ᠪᠡᠯᠴᠢᠭᠡᠷᠯᠡᠭᠦᠯᠬᠦ᠂ ᠲᠡᠵᠢᠭᠡᠯ ᠨᠥᠬᠦᠪᠦᠷᠢᠯᠡᠬᠦ ᠬᠠᠮᠢᠶᠠᠷᠤᠯᠲᠠ ᠶᠠᠪᠤᠭᠤᠯᠤᠨ᠎ᠠ᠃      ᠭᠤᠷᠪᠠ ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠬᠡᠷᠡᠭᠲᠡᠢ᠃ ᠡᠪᠦᠯ ᠣᠷᠣᠬᠤ ᠠᠴᠠ ᠡᠮᠦᠨ᠎ᠡ ᠬᠠᠰᠢᠶ᠎ᠠ ᠰᠠᠷᠠᠪᠴᠢ ᠳᠤ ᠪᠠᠨ ᠨᠢᠭᠡ ᠤᠳᠠᠭ᠎ᠠ ᠪᠠᠶᠢᠴᠠᠭᠠᠯᠲᠠ ᠬᠢᠵᠦ ᠂ ᠤᠩᠭᠤᠷᠬᠠᠢ ᠬᠠᠭᠠᠷᠬᠠᠢ ᠶᠢ ᠨᠢ ᠵᠠᠰᠠᠨ ᠨᠦᠬᠦᠵᠦ᠂ ᠬᠤᠯᠠᠭᠠᠢ ᠰᠠᠯᠬᠢ ᠪᠠ ᠪᠣᠷᠣᠭᠠᠨ ᠴᠠᠰᠤ ᠶᠢ ᠬᠠᠯᠬᠠᠯᠠᠵᠤ᠂ ᠬᠠᠰᠢᠶᠠᠨ ᠳᠤᠲᠤᠷ᠎ᠠ ᠬᠠᠭᠤᠷᠠᠢ ᠳᠣᠯᠠᠭᠠᠨ ᠪᠠᠶᠢᠬᠤ ᠶᠢ ᠪᠠᠲᠤᠯᠠᠬᠤ ᠬᠡᠷᠡᠭᠲᠡᠢ ᠃ ᠬᠦᠢᠲᠡᠨ ᠤᠷᠤᠰᠬᠠᠯ ᠢᠷᠡᠬᠦ ᠦᠶ᠎ᠡ ᠳᠤ ᠬᠡᠪᠲᠡᠷᠢ ᠶᠢ ᠨᠢ  ᠵᠤᠵᠠᠭᠠᠯᠠᠪᠠᠯ ᠵᠣᠬᠢᠨ᠎ᠠ ᠃ ᠡᠭᠦᠨ ᠠᠴᠠ ᠭᠠᠳᠠᠨ᠎ᠠ ᠂ ᠬᠤᠨᠢᠨ ᠬᠠᠰᠢᠶᠠᠨ ᠳᠤ ᠭᠠᠯ ᠬᠦᠭᠵᠢᠭᠡᠨ ᠳᠤᠯᠠᠭᠠᠯᠠᠵᠤ ᠶᠠᠭᠠᠬᠢᠭᠰᠠᠨ ᠴᠤ ᠪᠣᠯᠬᠤ ᠦᠭᠡᠢ ᠂  ᠤᠲᠤᠭ᠎ᠠ ᠠᠴᠠ ᠪᠣᠯᠵᠤ ᠬᠤᠨᠢᠨ ᠤ ᠠᠭᠤᠰᠬᠢᠨ ᠦᠷᠪᠢᠰᠦᠯ ᠳᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ ᠃ ᠬᠦᠢᠲᠡᠨ ᠢ ᠰᠡᠷᠭᠡᠶᠢᠯᠡᠨ ᠳᠤᠯᠠᠭᠠᠯᠠᠬᠤ ᠳᠤ ︽ ᠨᠢᠭᠡ ᠶᠢ ᠪᠠᠲᠤᠯᠠᠬᠤ ᠂ ᠬᠤᠶᠠᠷ ᠢ ᠬᠡᠷᠡᠭᠯᠡᠬᠦ ᠂ ᠭᠤᠷᠪᠠᠨ ᠦᠭᠡᠢ᠂ ᠳᠦᠷᠪᠡᠨ ᠢᠯᠡᠭᠦᠬᠡᠨ︾ ᠢ ᠪᠡᠶᠡᠯᠡᠭᠦᠯᠬᠦ ᠬᠡᠷᠡᠭᠲᠡᠢ ᠃ ᠨᠢᠭᠡ ᠶᠢ ᠪᠠᠲᠤᠯᠠᠬᠤ ᠭᠡᠳᠡᠭ ᠨᠢ ᠬᠠᠰᠢᠶ᠎ᠠ ᠰᠠᠷᠠᠪᠴᠢ ᠶᠢᠨ ᠠᠷᠢᠭᠤᠨ ᠴᠡᠪᠡᠷ ᠂ ᠬᠠᠭᠤᠷᠠᠢ ᠳᠤᠯᠠᠭᠠᠬᠠᠨ ᠪᠠᠶᠢᠬᠤ ᠶᠢ ᠪᠠᠲᠤᠯᠠᠬᠤ ᠪᠣᠯᠣᠨ᠎ᠠ︔ ᠬᠤᠶᠠᠷ ᠢ ᠬᠡᠷᠡᠭᠯᠡᠬᠦ ᠭᠡᠳᠡᠭ ᠨᠢ ᠪᠦᠯᠢᠶᠡᠨ ᠣᠰᠤ ᠪᠠᠷ ᠤᠰᠤᠯᠠᠬᠤ᠂ ᠬᠠᠭᠤᠷᠠᠢ ᠡᠪᠡᠰᠦ ᠪᠠᠷ ᠬᠡᠪᠲᠡᠷᠢ ᠬᠢᠬᠦ ᠪᠣᠯᠣᠨ᠎ᠠ ᠃ ᠭᠤᠷᠪᠠᠨ ᠦᠭᠡᠢ ᠭᠡᠳᠡᠭ ᠨᠢ ᠬᠠᠰᠢᠶ᠎ᠠ ᠰᠠᠷᠠᠪᠴᠢ ᠳᠤ ᠰᠠᠯᠬᠢ ᠣᠷᠣᠬᠤ ᠦᠭᠡᠢ᠂ ᠪᠣᠷᠣᠭᠠᠨ ᠭᠤᠭᠤᠵᠢᠬᠤ ᠦᠭᠡᠢ᠂ ᠴᠢᠭᠢᠭ ᠨᠣᠶᠢᠲᠠᠨ ᠦᠭᠡᠢ︔ ᠲᠦᠷᠪᠡᠨ ᠢᠯᠡᠭᠦᠬᠡᠨ ᠭᠡᠳᠡᠭ ᠨᠢ ᠬᠠᠰᠢᠶ᠎ᠠ ᠰᠠᠷᠠᠪᠴᠢᠨ ᠳᠤ ᠢᠯᠡᠭᠦᠬᠡᠨ ᠡᠪᠡᠰᠦ ᠳᠡᠪᠢᠰᠬᠦ ᠂ ᠡᠪᠡᠰᠦ ᠶᠢ  ᠨᠢ ᠢᠯᠡᠭᠦᠬᠡᠨ ᠰᠣᠯᠢᠬᠤ ᠂ ᠢᠯᠡᠭᠦᠬᠡᠨ ᠴᠡᠪᠡᠷᠯᠡᠬᠦ ᠂ ᠪᠠᠭᠠᠰᠤ ᠶᠢ ᠨᠢ ᠢᠯᠡᠭᠦᠬᠡᠨ ᠠᠷᠢᠯᠭᠠᠬᠤ ᠶᠢ ᠬᠡᠯᠡᠵᠦ ᠪᠠᠶᠢᠨ᠎ᠠ ᠃      ᠳᠥᠷᠪᠡ ᠂ ᠵᠦᠢ ᠵᠣᠬᠢᠰᠲᠠᠢ ᠪᠠᠷ ᠪᠡᠯᠴᠢᠭᠡᠷᠯᠡᠭᠦᠯᠬᠦ ᠪᠠ ᠬᠠᠰᠢᠶᠠᠯᠠᠨ ᠪᠤᠷᠳᠤᠬᠤ᠃ ᠡᠪᠦᠯ ᠤᠨ ᠤᠯᠠᠷᠢᠯ ᠳᠤ ᠪᠡᠯᠴᠢᠭᠡᠷᠯᠡᠭᠦᠯᠬᠦ ᠳᠤ ᠪᠠᠨ ᠶᠡᠷᠦᠳᠡ ᠶᠢᠨ ᠪᠠᠶᠢᠳᠠᠯ ᠳᠤ ᠰᠠᠯᠬᠢᠨ ᠠᠴᠠ   ᠪᠤᠷᠤᠭᠤᠯᠠᠨ ᠨᠡᠷᠡᠨ ᠵᠦᠭ  ᠬᠠᠨᠳᠤᠭᠰᠠᠨ ᠂ ᠭᠠᠵᠠᠷ ᠤᠨ ᠪᠠᠶᠢᠴᠠ ᠨᠢ ᠥᠨᠳᠥᠷ ᠬᠠᠭᠤᠷᠠᠢ ᠥᠪᠥᠷ ᠬᠥᠲᠥᠯ ᠤᠨ ᠬᠤᠲᠣᠭᠤᠷ ᠭᠠᠵᠠᠷ ᠢ ᠰᠣᠩᠭᠤᠬᠤ ᠬᠡᠷᠡᠭᠲᠡᠢ ᠃ ᠡᠪᠦᠯ ᠤᠨ ᠡᠬᠢᠨ ᠳᠤ ᠤᠷᠤᠢ ᠪᠡᠯᠴᠢᠭᠡᠷ ᠲᠤ ᠭᠠᠷᠭᠠᠵᠤ ᠡᠷᠲᠡ ᠬᠤᠲᠠᠯᠠᠨ᠎ᠠ᠂ ᠲᠤᠩᠭᠠᠯᠠᠭ ᠡᠳᠦᠷ ᠤᠨ ᠦᠳᠡ ᠶᠢᠨ ᠳᠤᠯᠠᠭᠠᠨ ᠳᠤ ᠪᠡᠯᠴᠢᠭᠡᠷᠯᠡᠭᠦᠯᠬᠦ ᠶᠢ ᠠᠩᠬᠠᠷᠴᠤ ᠂ ᠬᠤᠨᠢ ᠶᠢ ᠴᠢᠳᠠᠬᠤ ᠶᠢᠨ ᠬᠢᠷᠢ ᠪᠠᠷ ᠢᠯᠡᠭᠦᠬᠡᠨ ᠰᠢᠭ ᠡᠪᠡᠰᠦ ᠢᠳᠡᠭᠦᠯᠦᠨ᠎ᠡ᠂ ᠭᠡᠪᠡᠴᠦ ᠬᠤᠨᠢᠨ ᠳᠤ ᠬᠢᠷᠠᠭᠤ ᠲᠠᠢ ᠡᠪᠡᠰᠦ ᠶᠢ ᠢᠳᠡᠭᠦᠯᠬᠦ ᠪᠤᠶᠤ ᠮᠥᠰᠥ ᠲᠠᠢ ᠤᠰᠤ ᠤᠤᠭᠤᠯᠭᠠᠵᠤ ᠪᠣᠯᠬᠤ ᠦᠭᠡᠢ ᠂ ᠬᠡᠷᠪᠡ ᠬᠤᠨᠢ ᠪᠡᠯᠴᠢᠭᠡᠷ ᠲᠤ ᠭᠠᠷᠤᠭᠠᠳ ᠴᠠᠳᠤᠭᠰᠠᠨ ᠦᠭᠡᠢ ᠪᠣᠯ ᠬᠤᠲᠠᠯᠠᠭᠰᠠᠨ ᠤ ᠳᠠᠷᠠᠭ᠎ᠠ ᠲᠡᠵᠢᠭᠡᠯ ᠨᠥᠬᠦᠪᠦᠷᠢᠯᠡᠬᠦ ᠬᠡᠷᠡᠭᠲᠡᠢ ᠃      ᠲᠠᠪᠤ ᠂ ᠠᠷᠢᠭᠤᠨ ᠴᠡᠪᠡᠷ ᠪᠠ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠃ ᠡᠪᠦᠯ ᠤᠨ ᠤᠯᠠᠷᠢᠯ ᠳᠤ ᠬᠠᠰᠢᠶ᠎ᠠ ᠰᠠᠷᠠᠪᠴᠢ ᠪᠠᠨ ᠦᠷᠭᠦᠯᠵᠢ ᠪᠠᠶᠢᠴᠠᠭᠠᠬᠤ ᠬᠡᠷᠡᠭᠲᠡᠢ᠂ ᠬᠠᠰᠢᠶ᠎ᠠ ᠰᠠᠷᠠᠪᠴᠢ᠂ ᠳᠡᠪᠢᠰᠬᠡᠷ ᠮᠠᠲ᠋ᠧᠷᠢᠶᠠᠯ᠂ ᠤᠰᠤ ᠤᠮᠳᠠ᠂ ᠡᠪᠡᠰᠦ ᠪᠣᠷᠳᠤᠭ᠎ᠠ ᠶᠢᠨ ᠠᠷᠢᠭᠤᠨ ᠴᠡᠪᠡᠷ ᠢ ᠪᠠᠲᠤᠯᠠᠵᠤ᠂ ᠴᠢᠬᠤᠯᠠ ᠲᠠᠢ ᠦᠶ᠎ᠡ ᠳᠤ ᠬᠠᠰᠢᠶ᠎ᠠ ᠪᠠᠨ ᠲᠤᠶᠢᠯᠪᠤᠷᠢᠲᠠᠢ ᠠᠷᠢᠭᠤᠳᠬᠠᠵᠤ᠂ ᠬᠤᠨᠢᠨ ᠤ ᠪᠡᠶ᠎ᠡ ᠶᠢᠨ ᠠᠷᠢᠭᠤᠨ ᠴᠡᠪᠡᠷ ᠢ ᠴᠠᠭ ᠲᠤᠬᠠᠢ ᠳᠤ ᠨᠢ ᠪᠠᠲᠤᠯᠠᠬᠤ ᠶᠢᠨ ᠬᠠᠮᠲᠤ ᠬᠤᠨᠢᠨ ᠤ ᠡᠪᠡᠳᠴᠢᠨ ᠢ ᠰᠡᠷᠭᠡᠶᠢᠯᠡᠨ ᠡᠪᠡᠳᠴᠢᠨ ᠢ ᠤᠰᠠᠳᠬᠠᠬᠤ ᠠᠵᠢᠯ ᠢ ᠰᠠᠶᠢᠲᠤᠷ ᠠᠳᠬᠤᠵᠤ ᠂ ᠢᠯᠭᠠᠳᠠᠰᠤ ᠶᠢ  ᠨᠢ ᠦᠷᠭᠦᠯᠵᠢ  ᠴᠡᠪᠡᠷᠯᠡᠵᠦ ᠂ ᠬᠤᠨᠢᠨ ᠤ ᠡᠪᠡᠳᠴᠢᠨ ᠢ ᠰᠡᠷᠭᠡᠶᠢᠯᠡᠨ ᠵᠠᠰᠠᠬᠤ ᠪᠠ ᠬᠤᠷᠣᠬᠠᠢ ᠬᠥᠭᠡᠭᠡᠬᠦ ᠠᠵᠢᠯ ᠢ ᠰᠠᠶᠢᠲᠤᠷ ᠬᠢᠵᠦ ᠂ ᠣᠨᠴᠠᠭᠠᠶᠢᠯᠠᠨ ᠬᠤᠨᠢᠨ ᠤ ᠴᠢᠴᠠᠭ᠎ᠠ ᠠᠯᠳᠠᠬᠤ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ᠶᠢᠨ ᠡᠪᠡᠳᠴᠢᠨ ᠂ ᠬᠤᠨᠢᠨ ᠤ ᠭᠢᠨᠵᠢᠯᠢᠭ ᠪᠥᠮᠪᠥᠭᠡᠨ ᠪᠠᠺᠲ᠋ᠧᠷᠢ ᠶᠢᠨ ᠡᠪᠡᠳᠴᠢᠨ ᠵᠢᠴᠢ ᠲᠠᠭᠰᠢᠭᠤᠷ ᠤᠨ ᠡᠪᠡᠳᠴᠢᠨ ᠢ ᠰᠡᠷᠭᠡᠶᠢᠯᠡᠨ ᠵᠠᠰᠠᠬᠤ ᠶᠢ ᠰᠠᠶᠢᠲᠤᠷ ᠠᠳᠬᠤᠬᠤ ᠶᠢᠨ ᠬᠠᠮᠲᠤ ᠦᠷᠭᠦᠯᠵᠢ ᠬᠤᠷᠣᠬᠠᠢ ᠬᠥᠭᠡᠭᠡᠬᠦ ᠡᠮ ᠢᠶᠠᠷ ᠬᠤᠨᠢᠨ ᠤ ᠪᠡᠶ᠎ᠡ ᠶᠢᠨ ᠡᠷᠡᠭᠦᠯ ᠴᠢᠭᠢᠷᠠᠭ ᠢ ᠪᠠᠲᠤᠯᠠᠵᠤ ᠂ ᠬᠠᠬᠢᠷ  ᠬᠦᠢᠳᠡᠨ ᠤ ᠳᠠᠭᠠᠷᠢᠯᠲᠠ ᠶᠢ ᠡᠰᠡᠷᠭᠦᠴᠡᠬᠦ ᠬᠡᠷᠡᠭᠲᠡᠢ ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号