ᠡᠪᠦᠯ ᠤᠨ ᠤᠯᠠᠷᠢᠯ ᠳᠤ ᠬᠤᠨᠢᠨ ᠦᠰᠦ ᠤᠨᠠᠬᠤ ᠶᠢ ᠰᠡᠷᠭᠡᠶᠢᠯᠡᠬᠦ ᠲᠤᠬᠠᠢ
ᠨᠡᠶᠢᠲᠡᠯᠡᠭᠰᠡᠨ ᠴᠠᠭ᠄
2022/5/17
      ᠡᠪᠦᠯ ᠤᠨ ᠤᠯᠠᠷᠢᠯ ᠳᠤ ᠠᠭᠤᠷ ᠠᠮᠢᠰᠬᠤᠯ ᠬᠠᠬᠢᠷ ᠬᠦᠢᠲᠡᠨ᠂ ᠲᠡᠵᠢᠭᠡᠯ ᠪᠣᠷᠳᠤᠭ᠎ᠠ ᠬᠠᠳᠠᠵᠤ ᠬᠤᠪᠠᠭ᠋ᠠᠶᠢᠷᠠᠭᠠᠳ᠂ ᠬᠤᠨᠢ ᠶᠡᠷᠦ ᠨᠢ ᠢᠳᠡᠵᠦ ᠴᠠᠳᠬᠤ ᠦᠭᠡᠢ᠂ ᠦᠰᠦᠨ ᠤ ᠤᠭ ᠨᠢ ᠨᠠᠷᠢᠨ᠂ ᠪᠥᠬᠡᠯᠢᠭ ᠪᠤᠰᠤ᠂ ᠠᠮᠠᠷᠬᠠᠨ ᠬᠤᠪᠬᠤᠷᠠᠨ ᠤᠨᠠᠳᠠᠭ᠂ ᠬᠦᠨᠳᠦ ᠨᠣᠴᠢᠲᠠᠢ ᠦᠶ᠎ᠡ ᠳᠤ ᠬᠤᠨᠢᠨ ᠤ ᠬᠦᠵᠦᠭᠦᠦ᠂ ᠮᠥᠷᠥ᠂ ᠬᠡᠪᠡᠯᠢ ᠶᠢᠨ ᠳᠡᠭᠡᠳᠦ ᠬᠡᠰᠡᠭ᠂ ᠨᠢᠷᠤᠭᠤᠨ ᠤ ᠬᠡᠰᠡᠭ ᠲᠤ ᠬᠡᠰᠡᠭ ᠬᠡᠰᠡᠭ ᠢᠶᠠᠷ ᠬᠤᠪᠬᠤᠷᠠᠨ  ᠤᠨᠠᠬᠤ ᠦᠵᠡᠭᠳᠡᠯ ᠭᠠᠷᠳᠠᠭ᠃ ᠡᠪᠦᠯ ᠤᠨ ᠤᠯᠠᠷᠢᠯ ᠳᠤ ᠬᠤᠨᠢᠨ  ᠤ ᠦᠰᠦ ᠤᠨᠠᠬᠤ ᠶᠢ ᠰᠡᠷᠭᠡᠶᠢᠯᠡᠬᠦ ᠶᠢᠨ ᠲᠥᠯᠥᠭᠡ ᠂ ᠬᠤᠨᠢᠨ ᠳᠤ ᠵᠣᠬᠢᠬᠤ ᠬᠡᠮᠵᠢᠶᠡᠨ ᠤ ᠡᠪᠡᠰᠦ ᠪᠣᠷᠳᠤᠭ᠎ᠠ ᠨᠥᠬᠦᠪᠦᠷᠢᠯᠡᠵᠦ ᠂ ᠢᠯᠠᠩᠭᠤᠶ᠎ᠠ ᠬᠠᠭᠤᠷᠠᠢ ᠡᠪᠡᠰᠦ ᠬᠠᠩᠭᠠᠬᠤ ᠶᠢ ᠪᠠᠲᠤᠯᠠᠬᠤ ᠬᠡᠷᠡᠭᠲᠡᠢ ᠂ ᠨᠠᠷᠢᠯᠢᠭ ᠪᠣᠷᠳᠤᠭ᠎ᠠ ᠪᠠᠷ ᠵᠥᠪᠬᠡᠨ ᠰᠢᠮ᠎ᠡ ᠲᠡᠵᠢᠭᠡᠯ ᠤᠨ ᠨᠥᠬᠦᠪᠦᠷᠢ ᠪᠣᠯᠭᠠᠨ᠎ᠠ ᠂ ᠬᠡᠷᠪᠡ ᠬᠦᠬᠡ ᠳᠠᠷᠤᠰᠢ ᠶᠢᠨ ᠪᠣᠷᠳᠤᠭ᠎ᠠ ᠪᠤᠶᠤ ᠨᠣᠭᠤᠭᠠᠨ ᠪᠣᠷᠳᠤᠭ᠎ᠠ ᠶᠢᠨ ᠨᠠᠷᠢᠯᠢᠭ ᠪᠣᠷᠳᠤᠭ᠎ᠠ ᠪᠠᠷ ᠬᠤᠨᠢ ᠲᠡᠵᠢᠭᠡᠪᠡᠯ ᠦᠷ᠎ᠡ ᠠᠰᠢᠭ ᠨᠢ ᠨᠡᠩ ᠰᠠᠶᠢᠨ ᠪᠠᠶᠢᠳᠠᠭ ᠃      ᠡᠪᠦᠯ ᠤᠨ ᠤᠯᠠᠷᠢᠯ ᠳᠤ ᠬᠤᠨᠢᠨ ᠤ ᠪᠣᠷᠳᠤᠭ᠎ᠠ ᠨᠢ ᠬᠠᠲᠠᠭᠰᠠᠨ ᠬᠠᠭᠤᠷᠠᠢ ᠡᠪᠡᠰᠦ ᠪᠠᠷ ᠭᠤᠣᠯᠯᠠᠳᠠᠭ ᠂ ᠬᠤᠨᠢ ᠬᠠᠭᠤᠷᠠᠢ ᠡᠪᠡᠰᠦ ᠢᠳᠡᠪᠡᠯ ᠤᠮᠳᠠᠭᠠᠰᠳᠠᠭ ᠂ ᠡᠶᠢᠮᠦ ᠠᠴᠠ ᠬᠤᠨᠢᠨ ᠳᠤ ᠭᠦᠢᠴᠡᠳ ᠤᠰᠤ ᠤᠤᠭᠤᠯᠭᠠᠵᠤ ᠂ ᠡᠳᠦᠷ ᠪᠦᠷᠢ ᠭᠤᠷᠪᠠ ᠤᠳᠠᠭ᠎ᠠ ᠪᠦᠯᠢᠶᠡᠨ ᠤᠰᠤ ᠤᠤᠭᠤᠯᠭᠠᠪᠠᠯ ᠵᠣᠬᠢᠨ᠎ᠠ ᠃ ᠡᠭᠦᠨ ᠠᠴᠠ ᠭᠠᠳᠠᠨ᠎ᠠ᠂ ᠡᠪᠦᠯ ᠤᠨ ᠤᠯᠠᠷᠢᠯ ᠳᠤ ᠬᠤᠨᠢᠨ ᠳᠤ ᠵᠣᠬᠢᠬᠤ ᠬᠡᠮᠵᠢᠶᠡᠨ ᠤ ᠳᠠᠪᠤᠰᠤ ᠢᠳᠡᠭᠦᠯᠬᠦ ᠨᠢ ᠪᠠᠰᠠ ᠮᠠᠰᠢ ᠴᠢᠬᠤᠯᠠ ᠪᠠᠶᠢᠳᠠᠭ᠂ ᠢᠩᠭᠢᠪᠡᠯ ᠬᠤᠨᠢᠨ ᠤ ᠢᠳᠡᠭᠡᠨ ᠤ ᠳᠤᠷᠠᠰᠢᠯ ᠢ ᠨᠡᠮᠡᠭᠳᠡᠭᠦᠯᠵᠦ᠂ ᠲᠡᠵᠢᠭᠡᠯ ᠪᠣᠷᠳᠣᠭᠠᠨ ᠤ ᠰᠢᠩᠭᠡᠭᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠢ ᠴᠦ ᠪᠦᠲᠦᠮᠵᠢᠲᠡᠶ ᠨᠡᠮᠡᠭᠳᠡᠭᠦᠯᠵᠦ ᠴᠢᠳᠠᠨ᠎ᠠ᠃ ᠪᠠᠰᠠ ᠵᠣᠬᠢᠬᠤ ᠬᠡᠮᠵᠢᠶᠡᠨ ᠤ ᠡᠷᠦᠳᠡᠰᠦ ᠶᠢᠨ ᠲᠡᠵᠢᠭᠡᠯ ᠪᠣᠷᠳᠤᠭ᠎ᠠ ᠶᠢ ᠨᠥᠬᠦᠪᠦᠷᠢᠯᠡᠵᠦ ᠂ ᠬᠤᠨᠢᠨ ᠳᠤ ᠪᠢᠴᠢᠯ ᠡᠯᠧᠮᠧᠨ᠋ᠲ ᠳᠤᠲᠠᠭᠳᠠᠬᠤ ᠠᠴᠠ ᠪᠣᠯᠵᠤ ᠦᠰᠦ ᠤᠨᠠᠬᠤ ᠶᠢ ᠰᠡᠷᠭᠡᠶᠢᠯᠡᠬᠦ ᠬᠡᠷᠡᠭᠲᠡᠢ ᠃       ᠮᠡᠳᠡᠭᠡ ᠵᠠᠩᠭᠢ ᠶᠢᠨ ᠢᠷᠡᠯᠲᠡ᠄ ᠭᠠᠨᠰᠤ ᠶᠢᠨ ᠲᠠᠷᠢᠶᠠᠴᠢᠨ ᠤ ᠰᠣᠨᠢᠨ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号