ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠬᠦ  ᠬᠦᠴᠦᠨ ᠢᠶᠠᠷ ᠢᠶᠠᠨ ᠲᠡᠮᠵᠢᠵᠦ ᠪᠤᠢ
ᠨᠡᠶᠢᠲᠡᠯᠡᠭᠰᠡᠨ ᠴᠠᠭ᠄
2022/5/23
      ᠬᠠᠪᠤᠷ ᠤᠨ ᠲᠠᠷᠢᠶᠠᠯᠠᠭ᠎ᠠ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠦᠢᠯᠡᠳᠪᠦᠷᠢᠯᠡᠯ ᠤᠨ ᠡᠮᠥᠨ᠎ᠡ ᠹᠷᠤᠨᠲ ᠳᠤ ᠤᠴᠢᠵᠤ᠂ ᠠᠷᠭ᠎ᠠ ᠬᠡᠮᠵᠢᠶ᠎ᠡ ᠶᠢ ᠪᠤᠳᠠᠳᠠᠢ ᠬᠡᠷᠡᠭᠵᠢᠭᠦᠯᠬᠦ ᠶᠢ ᠴᠢᠩᠭᠠᠳᠬᠠᠨ᠂ ᠲᠠᠷᠢᠶᠠᠯᠠᠬᠤ ᠴᠠᠭ ᠢ ᠠᠮᠵᠢᠵᠤ᠂ ᠬᠠᠪᠤᠷ ᠤᠨ ᠲᠠᠷᠢᠶᠠᠯᠠᠭ᠎ᠠ ᠶᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ ᠪᠠᠶᠢᠨ᠎ᠠ ᠃      ᠵᠣᠬᠢᠶᠠᠨ ᠪᠠᠶᠢᠭᠤᠯᠤᠯᠲᠠ ᠬᠦᠳᠦᠯᠦᠨ ᠳᠠᠭᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ︽ ᠲᠦᠰᠢᠭ ᠲᠤᠯᠭᠠᠭᠤᠷᠢ︾ ᠪᠣᠯᠵᠤ ᠪᠠᠶᠢᠨ᠎ᠠ ᠃ ᠲᠤᠰ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠷᠢᠳᠴᠢᠯᠠᠨ ᠠᠷᠭ᠎ᠠ ᠰᠦᠪᠡᠭᠴᠢᠯᠡᠨ ᠂ ᠢᠳᠡᠪᠬᠢᠲᠡᠢ ᠬᠥᠳᠡᠯᠦᠯᠴᠡᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠲᠠᠷᠢᠶᠠᠨ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠮᠠᠰᠢᠨ ᠪᠠᠭᠠᠵᠢ ᠵᠡᠷᠭᠡ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠵᠥᠭᠡᠭᠡᠪᠦᠷᠢᠯᠡᠬᠦ᠂ ᠨᠥᠭᠡᠴᠡᠯᠡᠬᠦ ᠪᠠ ᠬᠠᠩᠭᠠᠬᠤ ᠠᠵᠢᠯ ᠢ ᠬᠦᠴᠦᠯᠡᠨ ᠰᠠᠶᠢᠳᠤᠷ ᠬᠢᠪᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠢ ᠨᠥᠭᠡᠴᠡᠯᠡᠨ ᠬᠠᠩᠭᠠᠬᠤ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠳᠡᠯᠭᠡᠷᠡᠭᠦᠯᠬᠦ᠂ ᠲᠠᠷᠢᠶᠠᠴᠢᠳ ᠤᠨ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠬᠤ ᠵᠡᠷᠭᠡ ᠠᠵᠢᠯ ᠢ ᠢᠳᠡᠪᠬᠢᠲᠡᠶ ᠰᠠᠶᠢᠳᠤᠷ ᠬᠢᠵᠤ ᠪᠠᠶᠢᠨ᠎ᠠ︔ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠤᠭᠠᠲᠦ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠡᠳ᠋ ᠪᠣᠳᠠᠰ᠂ ᠲᠠᠷᠢᠶᠠᠯᠠᠩ ᠤᠨ ᠮᠠᠰᠢᠨ ᠪᠠᠭᠠᠵᠢ ᠶᠢ ᠵᠥᠭᠡᠭᠡᠪᠦᠷᠢᠯᠡᠨ ᠬᠦᠷᠭᠡᠬᠦ ᠲᠡᠷᠭᠡ ᠬᠦᠰᠬᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ︽ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠪᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠲᠤᠰᠬᠤᠨ ᠭᠤᠷᠪᠠᠨ ᠱᠠᠲᠤᠨ ᠤ ᠲᠣᠣᠷᠵᠢᠭᠤᠯᠤᠯᠲᠠ ᠳᠤ ᠲᠦᠰᠢᠭᠯᠡᠨ ᠴᠠᠭ ᠲᠤᠬᠠᠶ  ᠳᠤᠨᠢ ᠨᠠᠮ ᠤᠨ ᠭᠡᠰᠢᠭᠦᠨ ᠺᠠᠳ᠋ᠷ᠂ ᠲᠤᠰᠬᠤᠨ ᠳᠤ ᠰᠠᠭᠤᠭ᠎ᠠ ᠱᠦᠵᠢ ᠶᠢ ᠲᠣᠮᠢᠯᠠᠵᠤ᠂ ᠠᠶᠢᠯ ᠡᠷᠦᠬᠡ ᠪᠠᠷ ᠰᠤᠷᠪᠤᠯᠵᠢᠯᠠᠬᠤ᠂ ᠯᠠᠪᠯᠠᠨ ᠠᠰᠠᠭᠤᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠭᠡᠯᠪᠡᠷᠢ ᠪᠠᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ ᠂ ᠴᠠᠭ ᠲᠤ ᠰᠠᠭᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠵᠢᠯᠣᠭᠤᠳᠴᠥ ᠪᠠᠶᠢᠨ᠎ᠠ ᠃      ᠥᠯᠢᠭᠡᠷ ᠵᠢᠱᠢᠶ᠎ᠡ ᠪᠠᠷ ᠬᠦᠳᠦᠯᠦᠨ ᠳᠠᠭᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ︽ ᠳᠠᠭᠠᠭᠤᠯᠤᠭᠴᠢ ︾ ᠪᠣᠯᠵᠤ ᠪᠠᠶᠢᠨ᠎ᠠ ᠃ ᠲᠤᠰ ᠬᠤᠰᠢᠭᠤᠨ ᠤ ᠨᠠᠮ ᠤᠨ ᠭᠡᠰᠢᠭᠦᠨ ᠲᠦᠷᠦᠭᠦᠯᠡᠨ ᠬᠥᠳᠡᠯᠵᠤ᠂ ᠦᠯᠢᠭᠡᠷ ᠳᠠᠭᠤᠷᠢᠶᠠᠯ ᠪᠣᠯᠬᠤ ᠶᠢ ᠪᠠᠷᠢᠮᠲᠠᠯᠠᠨ᠂ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠪᠠᠲᠤᠯᠠᠵᠤ ᠪᠠᠶᠢᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ︽ᠰᠦᠯᠵᠢᠶᠡᠨ ᠳᠡᠭᠡᠷ᠎ᠡ + ᠪᠤᠳᠠᠳᠤ ᠴᠤᠬᠴᠠ︾ ᠶᠢᠨ ᠠᠷᠭ᠎ᠠ ᠭᠡᠯᠪᠡᠷᠢ ᠪᠠᠷ ᠪᠦᠬᠦ ᠲᠠᠯ᠎ᠠ ᠪᠠᠷ ᠤᠬᠠᠭᠤᠯᠤᠨ ᠳᠠᠶᠢᠴᠢᠯᠠᠵᠤ ᠂ ᠬᠠᠪᠤᠷ ᠤᠨ ᠲᠠᠷᠢᠶᠠᠯᠠᠭ᠎ᠠ ᠳᠤ ᠥᠢᠯᠡᠴᠢᠯᠡᠬᠦ ᠬᠠᠯᠠᠭᠤᠨ ᠦᠷᠨᠢᠯᠲᠡ ᠶᠢ ᠦᠳᠲᠡᠷ ᠲᠦᠷᠭᠡᠨ ᠪᠤᠢ ᠪᠣᠯᠭᠠᠪᠠ᠃ ᠰᠢᠨ᠎ᠠ ᠵᠠᠭᠤᠴᠢᠯᠠᠭᠤᠷ ᠤᠨ ᠳᠠᠪᠠᠭᠤᠯᠢᠭ ᠢ ᠠᠰᠢᠭᠯᠠᠨ ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠭᠵᠢᠯᠲᠡ ᠶᠢᠨ ᠢᠷᠡᠭᠡᠳᠥᠢ᠂ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠵᠡᠷᠭᠡ ᠶᠢ ᠦᠷᠭᠡᠨ ᠢᠶᠠᠷ ᠤᠬᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠤᠬᠠᠭᠤᠯᠭ᠎ᠠ ᠶᠢ ᠬᠥᠲᠥᠯᠦᠨ ᠵᠢᠯᠤᠭᠤᠳᠬᠤ ᠶᠢ ᠴᠢᠩᠭᠠᠳᠬᠠᠪᠠ ᠃ ᠰᠦᠯᠵᠢᠶᠡᠨ ᠭᠠᠳᠠᠨ᠎ᠠ ᠭᠠᠴᠠᠭ᠎ᠠ ᠲᠤᠰᠬᠤᠨ ᠤ ᠭᠤᠣᠯ ᠵᠠᠮ᠂ ᠲᠠᠷᠢᠶᠠᠨ ᠭᠠᠵᠠᠷ ᠲᠤ 400 ᠭᠠᠷᠤᠶ ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ 3000 ᠭᠠᠷᠤᠶ ᠳᠡᠪᠲᠡᠷ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ᠂ ᠣᠯᠠᠨ ᠲᠦᠮᠡᠨ ᠢ ᠴᠠᠭ ᠢ ᠠᠮᠵᠢᠨ ᠲᠠᠷᠢᠶᠠᠯᠠᠬᠤ ᠪᠠᠷ ᠢᠳᠡᠪᠬᠢᠲᠡᠶ ᠪᠡᠯᠡᠳᠭᠡᠬᠦ ᠶᠢ ᠤᠷᠢᠶᠠᠯᠠᠪᠠ᠃ ᠬᠠᠤᠯᠢ ᠬᠡᠷᠡᠭᠵᠢᠭᠦᠯᠬᠦ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠵᠦ ᠂ ᠡᠵᠡᠩᠨᠡᠯᠲᠡ ᠶᠢᠨ ᠦᠨᠡᠮᠯᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠡᠳ᠋ ᠪᠠᠷᠠᠭᠠᠨ ᠤ ᠪᠦᠲᠦᠭᠡᠭᠳᠡᠭᠦᠨ ᠂ ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠳᠠᠩᠰᠠ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ ᠂ ᠲᠠᠷᠢᠶᠠᠴᠢᠨ ᠡᠷᠦᠭᠡ ᠳᠤ ᠠᠮᠤᠷ ᠲᠥᠪᠰᠢᠨ ᠪᠤᠷᠳᠤᠭᠤᠷ᠂ ᠲᠠᠷᠢᠶᠠᠨ ᠥᠷ᠎ᠡ ᠪᠠ ᠲᠠᠷᠢᠶᠠᠨ ᠡᠮ ᠬᠡᠷᠡᠭᠯᠡᠬᠦ ᠶᠢ ᠦᠨᠡᠨ ᠬᠦ ᠪᠠᠲᠤᠯᠠᠵᠤ ᠪᠠᠶᠢᠨ᠎ᠠ ᠃       ᠦᠢᠯᠡᠴᠢᠯᠡᠭᠡ ᠪᠠᠷ ᠬᠦᠳᠦᠯᠦᠨ ᠳᠠᠭᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ︽ᠳᠤᠳᠤᠨᠤ ᠬᠠᠨᠢ︾ ᠪᠣᠯᠵᠤ ᠪᠠᠶᠢᠨ᠎ᠠ ᠃ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠢ ᠰᠣᠩᠭᠤᠨ ᠲᠤᠮᠢᠯᠠᠵᠤ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠂ ᠣᠯᠠᠨ ᠲᠦᠮᠡᠨ ︽ᠵᠠᠬᠢᠶᠠᠯᠠᠭ᠎ᠠ ᠳᠤᠷᠠᠳᠬᠤ︾᠂ ᠲᠤᠰᠬᠠᠢ ᠮᠡᠷᠭᠡᠵᠢᠯᠲᠡᠨ ︽ᠵᠠᠬᠢᠶᠠᠯᠠᠭ᠎ᠠ ᠲᠤᠰᠬᠤ︾ ᠵᠠᠭᠪᠤᠷ ᠢᠶᠠᠷ ᠲᠠᠷᠢᠶᠠᠨ ᠭᠠᠵᠠᠷ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠂ ︽ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ︾ ᠪᠠ ᠡᠯ᠎ᠡ ᠲᠥᠷᠥᠯ ᠤᠨ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠡᠷᠭᠢᠯᠡᠵᠦ᠂ ᠲᠠᠷᠢᠶᠠᠴᠢᠳ ᠤᠨ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠤᠨ᠂ ᠳᠠᠷᠢᠵᠤ ᠲᠡᠵᠢᠬᠡᠬᠦ ᠮᠡᠷᠭᠡᠵᠢᠯ ᠢ ᠨᠠᠷᠢᠨ ᠲᠠᠶᠢᠯᠪᠤᠷᠢᠯᠠᠵᠤ ᠂ ᠮᠠᠯᠴᠢᠨ ᠲᠠᠷᠢᠶᠠᠴᠢᠨ ᠢ ᠬᠠᠪᠰᠤᠷᠤᠨ ᠦᠢᠯᠡᠳᠪᠦᠷᠢᠯᠡᠯ ᠤᠨ ᠪᠣᠯᠪᠠᠰᠤᠷᠠᠯ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠰᠠᠶᠢᠳᠤᠷ ᠬᠢᠪᠠ᠃ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠬᠠᠷᠢᠶ᠎ᠠ ᠣᠷᠤᠨ ᠤ ᠪᠠᠨ ︽ ᠨᠤᠲᠤᠭ ᠤᠨ ᠲᠤᠰᠬᠠᠢ ᠮᠡᠷᠭᠡᠵᠢᠯᠲᠡᠨ︾᠂ ︽ᠬᠠᠰᠢᠷ ᠭᠠᠷ︾ ᠢ ᠵᠣᠬᠢᠶᠠᠨ ᠪᠠᠶᠢᠭᠤᠯᠵᠤ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠵᠤ ᠂ ᠲᠠᠷᠢᠮᠠᠯ ᠤᠨ ᠲᠣᠮᠣ ᠡᠷᠦᠭᠡ  ᠲᠠᠢ ︽ᠨᠢᠭᠡ ᠨᠢᠭᠡ ᠪᠠᠷ ᠬᠠᠷᠠᠭᠠᠯᠵᠠᠭᠤᠯᠬᠤ︾ ᠬᠠᠪᠰᠤᠷᠤᠨ ᠲᠡᠳᠬᠦᠬᠦ ᠬᠤᠯᠪᠤᠭ᠎ᠠ ᠪᠠᠶᠢᠭᠤᠯᠤᠨ ᠂ ︽ ᠠᠰᠠᠷᠠᠭᠴᠢ ᠮᠠᠶ᠋ᠢᠭ ︾ ᠤᠨ ᠦᠢᠯᠡᠴᠢᠯᠡᠭᠡ ᠶᠢ ᠭᠡᠷᠡᠭᠵᠢᠭᠦᠯᠵᠡᠢ ᠃ ᠣᠳᠣ ᠪᠤᠯᠳᠠᠯ᠎ᠠ᠂ ᠲᠤᠰ ᠬᠤᠰᠢᠭᠤᠨ ᠤ ᠵᠠᠭᠤ ᠭᠠᠷᠤᠢ ᠨᠠᠮ ᠤᠨ ᠭᠡᠰᠢᠭᠦᠨ ᠣᠯᠠᠨ ᠲᠦᠮᠡᠨ ᠢ ᠬᠠᠪᠰᠤᠷᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠲᠤᠯᠭᠠᠷᠠᠭᠰᠠᠨ 150 ᠭᠠᠷᠤᠶ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号