ᠳᠠᠭᠠᠭᠠᠴᠢᠯᠠᠨ ᠬᠤᠯᠪᠤᠭᠠᠯᠠᠬᠤ ᠨᠡᠶᠢᠭᠡᠮ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ | ᠲᠣᠪᠴᠢᠶ᠎ᠠ ᠶᠢᠨ ᠪᠠᠶᠢᠭᠤᠯᠤᠯᠭ᠎ᠠ ᠶᠢᠨ ᠵᠥᠪᠯᠡᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ ᠂ ᠪᠤᠭᠤᠲᠤ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠲᠥᠪ ᠤᠨ ᠨᠠᠮ ᠤᠨ ᠡᠭᠦᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠦᠳᠲᠡᠷ ᠲᠦᠷᠭᠡᠨ ᠬᠥᠳᠡᠯᠦᠯᠴᠡᠵᠦ ᠂ | ᠴᠠᠭ ᠲᠤᠬᠠᠢ ᠳᠤ ᠨᠢ ᠨᠠᠮ ᠤᠨ ᠭᠡᠰᠢᠭᠦᠨ ᠺᠠᠳ᠋ᠷᠴᠤᠳ ᠢ ᠪᠠᠶᠢᠷᠢᠯᠠᠭᠤᠯᠤᠨ ᠳᠠᠶᠢᠴᠢᠯᠠᠨ᠂ 5 ᠰᠠᠷ᠎ᠠ ᠶᠢᠨ 19 ᠤ | ᠡᠳᠦᠷ ᠳᠠᠭᠠᠭᠠᠴᠢᠯᠠᠨ ᠬᠤᠯᠪᠣᠭᠠᠯᠠᠭᠰᠠᠨ ᠶᠢᠩ ᠴᠦᠨ ᠨᠡᠶᠢᠭᠡᠮ ᠲᠣᠭᠤᠷᠢᠭ ᠲᠤ ᠪᠠᠭᠤᠵᠤ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠬᠠᠮᠵᠢᠨ ᠦᠷᠨᠢᠭᠦᠯᠪᠡ᠃ | | | | | ᠲᠦᠪ ᠤᠨ ᠨᠠᠮ ᠤᠨ ᠠᠵᠢᠯ ᠤᠨ ᠺᠠᠳ᠋ᠷ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠬᠤᠯᠪᠤᠭᠠᠯᠠᠬᠤ ᠨᠡᠶᠢᠭᠡᠮ | ᠲᠣᠭᠤᠷᠢᠭ ᠲᠠᠢ ᠵᠤᠯᠭᠠᠯᠴᠠᠵᠦ ᠂ ᠠᠵᠢᠯ ᠢᠶᠠᠨ ᠵᠣᠬᠢᠰᠲᠠᠢ ᠬᠤᠪᠢᠶᠠᠷᠢᠯᠠᠨ᠂ ᠰᠠᠭᠤᠭᠠᠯᠢ ᠠᠷᠠᠳ ᠤᠨ ᠲᠣᠭᠤᠷᠢᠭ ᠢ | ᠪᠦᠬᠦ ᠲᠠᠯ᠎ᠠ ᠪᠠᠷ ᠴᠡᠪᠡᠷᠯᠡᠵᠦ ᠂ ᠠᠰᠠᠷ ᠤᠨ ᠭᠤᠳᠤᠮᠵᠢ ᠶᠢ ᠴᠡᠪᠡᠷᠯᠡᠨ᠂ ᠬᠠᠶᠠᠭᠳᠠᠮᠠᠯ ᠬᠠᠭᠤᠴᠢᠨ ᠪᠣᠳᠠᠰ ᠢ | ᠵᠥᠭᠡᠭᠡᠪᠦᠷᠢᠯᠡᠵᠦ ᠂ ᠤᠯᠠᠨ ᠭᠠᠵᠠᠷ ᠤᠨ ᠡᠷᠡᠭᠦᠯ ᠬᠠᠮᠠᠭᠠᠯᠠᠯ ᠤᠨ ᠨᠢᠭᠤᠭᠳᠠᠮᠠᠯ ᠭᠠᠵᠠᠷ ᠢ ᠴᠡᠪᠡᠷᠯᠡᠪᠡ ᠃ | ᠰᠠᠭᠤᠭᠠᠯᠢ ᠠᠷᠠᠳ ᠤᠨ ᠲᠣᠭᠤᠷᠢᠭ ᠤᠨ ᠲᠡᠷᠭᠡᠨ ᠰᠠᠷᠠᠪᠴᠢᠨ ᠳᠠᠬᠢ ᠳᠤᠭᠤᠢ ᠲᠡᠷᠭᠡ᠂ ᠴᠠᠬᠢᠯᠭᠠᠨ | ᠬᠥᠳᠡᠯᠭᠡᠭᠦᠷᠲᠦ ᠲᠡᠷᠭᠡ ᠶᠢ ᠵᠣᠭᠰᠤᠭᠠᠬᠤ ᠡᠮᠬᠢ ᠳᠢᠭᠯᠢᠮ ᠢ ᠵᠢᠷᠤᠮᠵᠢᠭᠤᠯᠬᠤ ᠶᠢᠨ ᠬᠠᠮᠲᠤ᠂ ᠰᠠᠭᠤᠭᠠᠯᠢ ᠠᠷᠠᠳ ᠤᠨ | ᠲᠣᠭᠤᠷᠢᠭ ᠤᠨ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ | ᠦᠵᠡᠭᠳᠡᠯ ᠳᠤ ᠴᠢᠭᠯᠡᠭᠦᠯᠦᠨ ᠤᠬᠠᠭᠤᠯᠭ᠎ᠠ ᠬᠥᠮᠦᠵᠢᠯ ᠬᠢᠪᠡ᠃ | ᠨᠢᠭᠡ ᠦᠳᠡ ᠶᠢᠨ ᠬᠤᠶᠢᠨ᠎ᠠ ᠶᠢᠨ ᠴᠢᠷᠮᠠᠶᠢᠯᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ᠲᠣᠭᠤᠷᠢᠭ ᠤᠨ | ᠳᠦᠷᠰᠦ ᠪᠠᠶᠢᠳᠠᠯ ᠢ ᠴᠣ᠋ ᠰᠢᠨ᠎ᠡ ᠪᠣᠯᠭᠠᠪᠠ ᠃ ᠲᠦᠪ ᠤᠨ ᠺᠠᠳ᠋ᠷ ᠪᠠᠰᠠ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠲᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠮᠡᠳᠡᠯᠭᠡ ᠶᠢᠨ ᠤᠬᠠᠭᠤᠯᠭ᠎ᠠ ᠪᠠ ᠲᠦᠷᠦ ᠶᠢᠨ | ᠪᠣᠳᠣᠯᠭ᠎ᠠ ᠶᠢᠨ ᠲᠠᠶᠢᠯᠤᠮᠵᠢ ᠬᠢᠵᠦ ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠣᠯᠪᠠᠰᠤᠨ ᠵᠢᠷᠤᠮᠵᠢᠯ ᠢ | ᠤᠬᠠᠮᠰᠠᠷ ᠠᠴᠠ ᠪᠠᠨ ᠰᠠᠬᠢᠬᠤ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠲᠤᠯᠠᠬᠤ ᠂ ᠪᠣᠯᠪᠠᠰᠤᠨ ᠬᠤᠳᠠ ᠶᠢ | ᠬᠠᠮᠲᠤ ᠪᠠᠷ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠣᠭᠤᠳᠪᠠ ᠃ | ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ | ᠦᠢᠯᠡᠰ ᠤᠨ ᠬᠥᠭᠵᠢᠯᠲᠡ ᠶᠢᠨ ᠲᠥᠪ ᠨᠢ ᠳᠠᠭᠠᠭᠠᠴᠢᠯᠠᠨ ᠬᠤᠯᠪᠤᠭᠠᠯᠠᠬᠤ ᠨᠡᠶᠢᠭᠡᠮ ᠲᠣᠭᠤᠷᠢᠭ ᠤᠨ | ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠪᠣᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠳᠠᠭᠠᠭᠠᠴᠢᠯᠠᠨ | ᠬᠤᠯᠪᠤᠭᠠᠯᠠᠬᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠣᠯᠪᠠᠰᠤᠨ ᠤ ᠤᠬᠠᠮᠰᠠᠷ ᠢ ᠴᠢᠷᠮᠠᠶᠢᠨ | ᠳᠡᠭᠡᠭᠰᠢᠯᠡᠭᠦᠯᠵᠦ᠂ ᠦᠢᠯᠡᠴᠢᠯᠡᠭᠡ ᠪᠦᠷᠢᠨ ᠲᠡᠭᠦᠯᠳᠡᠷ᠂ ᠪᠣᠯᠪᠠᠰᠤᠨ ᠡᠷᠡᠭᠦᠯ᠂ ᠵᠣᠯ ᠵᠢᠷᠭᠠᠯ ᠲᠠᠢ ᠡᠶ᠎ᠡ ᠵᠣᠬᠢᠴᠠᠯ ᠲᠠᠢ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠪᠰᠤᠷᠤᠨ ᠪᠣᠶ ᠪᠣᠯᠭᠠᠵᠤ᠂ ᠳᠠᠭᠠᠭᠠᠴᠢᠯᠠᠨ ᠬᠤᠯᠪᠤᠭᠠᠯᠠᠬᠤ | ᠨᠡᠶᠢᠭᠡᠮ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠤ ᠪᠥᠬᠦ ᠲᠠᠯ᠎ᠠ ᠪᠠᠷ | ᠬᠦᠴᠦᠨ ᠨᠡᠮᠡᠷᠢᠯᠡᠨ᠎ᠡ᠃ | | |