ᠤᠯᠤᠰ ᠤᠨ ︽ᠪᠠᠷᠢᠮᠵᠢᠶᠠᠵᠢᠭᠤᠯᠤᠯᠲᠠ +︾ ᠠᠵᠢᠯᠯᠠᠭ᠎ᠠ ᠶᠢᠨ ᠲᠥᠰᠥᠯ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ 10 ᠶᠡᠭᠡ | ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠠᠱᠠ ᠠᠶᠢᠮᠠᠭ ᠤᠨ ᠮᠠᠯ ᠠᠵᠤ ᠠᠬᠤᠢ ᠶᠢᠨ ᠰᠤᠳᠤᠯᠭᠠᠨ ᠤ ᠭᠠᠵᠠᠷ ᠨᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠯᠲᠠ ᠶᠢᠨ | ᠮᠡᠷᠭᠡᠵᠢᠯ ᠤᠨ ᠵᠥᠪᠯᠡᠯ ᠤᠨ ᠬᠤᠣᠰ ᠪᠥᠬᠦᠲᠦ ᠲᠡᠮᠡᠭᠡ᠂ ᠨᠤᠤᠯᠤᠭᠤᠷ ᠤᠨ ᠴᠠᠭᠠᠨ ᠢᠮᠠᠭᠠᠨ ᠤ ᠬᠤᠪᠢᠶᠠᠷᠢ | ᠮᠡᠷᠭᠡᠵᠢᠯ ᠤᠨ ᠨᠠᠷᠢᠨ ᠪᠢᠴᠢᠭ ᠤᠨ ᠭᠠᠵᠠᠷ ᠪᠣᠯᠤᠭᠰᠠᠨ ᠬᠤᠪᠢ ᠳᠤ᠂ ᠠᠯᠠᠱᠠ ᠶᠢᠨ ᠴᠠᠭᠠᠨ ᠨᠤᠤᠯᠤᠭᠤᠷ ᠤᠨ ᠢᠮᠠᠭ᠎ᠠ | ᠵᠢᠴᠢ ᠬᠤᠣᠰ ᠪᠥᠬᠦᠲᠦ ᠲᠡᠮᠡᠭᠡ᠂ ᠮᠣᠩᠭᠤᠯ ᠦᠬᠡᠷ ᠵᠡᠷᠭᠡ ᠣᠨᠴᠠᠯᠢᠭᠲᠤ ᠮᠠᠯ ᠤᠨ ᠡᠭᠦᠯᠳᠡᠷ ᠤᠨ ᠡᠭᠦᠯᠳᠡᠷ | ᠪᠣᠶᠢᠵᠢᠭᠤᠯᠬᠤ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠪᠠᠷ ᠳᠠᠮᠵᠢᠭᠤᠯᠤᠨ᠂ ᠪᠥᠬᠦ ᠠᠵᠤ | ᠦᠢᠯᠡᠰ ᠤᠨ ᠬᠡᠯᠬᠢᠶᠡᠰᠦ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠮᠥᠷᠳᠡᠬᠦ ᠶᠢᠨ ᠬᠠᠮᠲᠤ ᠳᠡᠯᠭᠡᠷᠡᠭᠦᠯᠦᠨ | ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠪᠠ ᠮᠠᠯᠴᠢᠨ ᠲᠦᠮᠡᠨ ᠤ ᠤᠯᠠᠮᠵᠢᠯᠠᠯᠲᠤ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠦᠵᠡᠯᠲᠡ ᠪᠠ ᠦᠵᠡᠯ ᠤᠬᠠᠮᠰᠠᠷ ᠢ ᠠᠯᠬᠤᠮ ᠠᠯᠬᠤᠮ ᠢᠶᠠᠷ ᠬᠤᠪᠢᠷᠠᠭᠤᠯᠵᠤ᠂ | ᠪᠥᠬᠦ ᠠᠶᠢᠮᠠᠭ ᠤᠨ ᠣᠨᠴᠠᠯᠢᠭᠲᠤ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ | ᠬᠡᠮᠵᠢᠶ᠎ᠡ ᠪᠠ ᠠᠵᠤ ᠠᠬᠤᠢ᠂ ᠨᠡᠶᠢᠭᠡᠮ᠂ ᠠᠮᠢ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠵᠦ ᠪᠠᠶᠢᠨ᠎ᠠ ᠃ | | | | | ᠨᠢᠭᠡ ᠳᠤ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠲᠠᠷᠢᠶᠠᠯᠠᠩ ᠤᠨ ᠪᠦᠲᠦᠭᠡᠭᠳᠡᠬᠦᠨ ᠤ | ᠬᠠᠮᠠᠭᠠᠯᠠᠯᠲᠠ ᠶᠢᠨ ᠢᠨᠵᠧᠨᠧᠷᠢᠩ ᠢ ᠠᠬᠢᠭᠤᠯᠤᠨ᠎ᠠ᠃ 2019 ᠣᠨ᠂ 2021 ᠣᠨ ᠤ ᠠᠯᠠᠱᠠ ᠶᠢᠨ | ᠨᠤᠤᠯᠤᠭᠤᠷ ᠤᠨ ᠴᠠᠭᠠᠨ ᠢᠮᠠᠭ᠎ᠠ᠂ 2020 ᠣᠨ ᠤ ᠠᠯᠠᠱᠠ ᠶᠢᠨ ᠬᠤᠣᠰ ᠪᠥᠬᠦᠲᠦ ᠲᠡᠮᠡᠭᠡ᠂ ᠠᠯᠠᠱᠠ ᠶᠢᠨ | ᠮᠣᠩᠭᠤᠯ ᠦᠬᠡᠷ ᠤᠨ ᠭᠠᠵᠠᠷ ᠵᠦᠢ ᠶᠢᠨ ᠢᠯᠡᠷᠭᠡᠶᠢᠯᠡᠯᠲᠦ ᠲᠡᠮᠳᠡᠭ ᠲᠠᠷᠢᠶᠠᠯᠠᠩ ᠤᠨ ᠪᠦᠲᠦᠭᠡᠭᠳᠡᠬᠦᠨ ᠤ | ᠬᠠᠮᠠᠭᠠᠯᠠᠯᠲᠠ ᠶᠢᠨ ᠢᠨᠵᠧᠨᠧᠷᠢᠩ ᠤᠨ ᠪᠠᠷᠢᠮᠵᠢᠶ᠎ᠠ ᠶᠢ ᠲᠣᠭᠲᠠᠭᠠᠬᠤ ᠡᠭᠦᠷᠭᠡ ᠶᠢ ᠡᠭᠦᠷᠭᠡᠯᠡᠵᠦ᠂ ᠠᠵᠢᠯ ᠤᠨ ᠲᠥᠰᠥᠯ | ᠨᠠᠶᠢᠷᠠᠭᠤᠯᠤᠨ ᠵᠣᠬᠢᠶᠠᠬᠤ᠂ ᠲᠤᠰᠬᠠᠢ ᠮᠡᠷᠭᠡᠵᠢᠯᠲᠡᠨ ᠤ ᠪᠦᠯᠬᠦᠮ ᠪᠠᠶᠢᠭᠤᠯᠬᠤ ᠪᠠᠷ ᠳᠠᠮᠵᠢᠭᠤᠯᠤᠨ᠂ ᠦᠷᠡᠵᠢᠭᠦᠯᠦᠨ | ᠪᠣᠶᠢᠵᠢᠭᠤᠯᠬᠤ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ ᠵᠡᠷᠭᠡ 7 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠨ ᠨᠡᠶᠢᠲᠡᠯᠡᠪᠡ᠃ 2020 ᠣᠨ ᠳᠤ 2 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠬᠤ ᠶᠢ ᠵᠥᠪᠰᠢᠶᠡᠷᠡᠵᠦ ︵ᠲᠡᠮᠡᠭᠡ 1 ᠵᠦᠢᠯ᠂ ᠨᠤᠤᠯᠤᠭᠤᠷ ᠴᠠᠭᠠᠨ ᠤᠨ ᠢᠮᠠᠭ᠎ᠠ 1 ᠵᠦᠢᠯ︶᠂ | 2021 ᠣᠨ ᠳᠤ 7 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ︵ ᠨᠤᠤᠯᠤᠭᠤᠷ ᠤᠨ ᠴᠠᠭᠠᠨ ᠢᠮᠠᠭ᠎ᠠ 2 ᠵᠦᠢᠯ᠂ | ᠬᠤᠣᠰ ᠪᠥᠬᠦᠲᠦ ᠲᠡᠮᠡᠭᠡ 3 ᠵᠦᠢᠯ᠂ ᠮᠣᠩᠭᠤᠯ ᠦᠬᠡᠷ 2 ᠵᠦᠢᠯ︶ ᠶᠢ ᠰᠢᠨ᠎ᠡ ᠪᠠᠷ ᠲᠣᠭᠲᠠᠭᠠᠬᠤ ᠳᠤ ᠨᠢᠭᠡᠨᠲᠡ | ᠠᠩᠬᠠᠨ ᠤ ᠬᠢᠨᠠᠯᠲᠠ ᠶᠢ ᠥᠩᠭᠡᠷᠡᠭᠦᠯᠪᠡ᠃ ᠣᠨᠴᠠᠯᠢᠭᠲᠤ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠯᠲᠠ ᠶᠢᠨ | ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ | ᠵᠦᠢ ᠶᠢᠨ ᠢᠯᠡᠷᠭᠡᠶᠢᠯᠡᠯᠲᠦ ᠲᠡᠮᠳᠡᠭ ᠤᠨ ᠬᠠᠮᠠᠭᠠᠯᠠᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ | ᠪᠠᠶᠢᠭᠤᠯᠪᠠ ᠃ | | | | | ᠬᠤᠶᠠᠷ ᠲᠤ ︽ᠠᠯᠠᠱᠠ ᠶᠢᠨ ᠨᠤᠤᠯᠤᠭᠤᠷ ᠴᠠᠭᠠᠨ ᠤᠨ ᠢᠮᠠᠭᠠᠨ ᠤ ᠴᠢᠨᠠᠷ ᠰᠠᠶᠢᠲᠠᠢ ᠪᠠᠷᠢᠮᠵᠢᠶ᠎ᠠ ᠶᠢᠨ | ᠰᠢᠰᠲ᠋ᠧᠮᠵᠢ︾ ᠶᠢᠨ ᠲᠥᠷᠥᠯ ᠵᠦᠢᠯ ᠢ ᠢᠳᠡᠪᠬᠢᠲᠡᠢ ᠰᠠᠶᠢᠲᠤᠷ ᠬᠢᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠡᠨᠡ ᠵᠢᠯ ᠮᠠᠯ ᠠᠵᠤ ᠠᠬᠤᠢ ᠶᠢᠨ ᠰᠤᠳᠤᠯᠭᠠᠨ ᠤ ᠭᠠᠵᠠᠷ ᠠᠯᠠᠱᠠ ᠵᠡᠭᠦᠨ | ᠬᠤᠰᠢᠭᠤᠨ ᠤ ᠵᠢᠶᠠ ᠯᠢ ᠨᠤᠤᠯᠤᠭᠤᠷ ᠤᠨ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ ︽ᠠᠯᠠᠱᠠ ᠶᠢᠨ ᠨᠤᠤᠯᠤᠭᠤᠷ ᠤᠨ ᠴᠠᠭᠠᠨ | ᠢᠮᠠᠭᠠᠨ ᠤ ᠦᠨᠳᠦᠷ ᠴᠢᠨᠠᠷ ᠰᠠᠶᠢᠲᠠᠢ ᠪᠠᠷᠢᠮᠵᠢᠶ᠎ᠠ ᠶᠢᠨ ᠰᠢᠰᠲ᠋ᠧᠮᠵᠢ︾ ᠤᠨ ᠲᠥᠷᠥᠯ ᠵᠦᠢᠯ ᠢ ᠡᠭᠦᠷᠭᠡᠯᠡᠵᠦ᠂ 5 | ᠵᠦᠢᠯ ᠤᠨ ᠨᠤᠤᠯᠤᠭᠤᠷ ᠤᠨ ᠴᠠᠭᠠᠨ ᠢᠮᠠᠭᠠᠨ ᠤ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠷᠢᠭᠤᠴᠠᠵᠤ᠂ | ᠣᠳᠣᠬᠠᠨ ᠳᠤ ᠪᠣᠶ ᠪᠦᠬᠦᠢ ᠪᠠᠷᠢᠮᠵᠢᠶ᠎ᠠ ᠶᠢᠨ ᠠᠩᠬᠠᠨ ᠤ ᠬᠢᠨᠠᠯᠲᠠ ᠶᠢᠨ ᠨᠣᠣᠷᠠᠭ ᠢ ᠨᠢᠭᠡᠨᠲᠡ ᠳᠠᠭᠤᠰᠬᠠᠵᠤ᠂ | ᠲᠤᠰᠬᠠᠢ ᠮᠡᠷᠭᠡᠵᠢᠯᠲᠡᠨ ᠢ ᠤᠷᠢᠵᠤ ᠬᠢᠨᠠᠨ ᠰᠢᠯᠭᠠᠷᠠᠭᠤᠯᠬᠤ ᠪᠠᠷ ᠪᠠᠶᠢᠨ᠎ᠠ᠃ | ᠭᠤᠷᠪᠠ ᠳᠤ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠯᠲᠠ ᠶᠢᠨ ᠵᠥᠪᠯᠡᠯ ᠤᠨ ᠨᠤᠤᠯᠤᠭᠤᠷ ᠤᠨ ᠴᠠᠭᠠᠨ | ᠢᠮᠠᠭ᠎ᠠ᠂ ᠬᠤᠣᠰ ᠪᠥᠬᠦᠲᠦ ᠲᠡᠮᠡᠭᠡ ᠬᠤᠶᠠᠷ ᠬᠤᠪᠢᠶᠠᠷᠢ ᠮᠡᠷᠭᠡᠵᠢᠯ ᠤᠨ ᠵᠥᠪᠯᠡᠯ ᠤᠨ ᠨᠠᠷᠢᠨ ᠪᠢᠴᠢᠭ ᠤᠨ | ᠭᠠᠵᠠᠷ ᠤᠨ ᠡᠳᠦᠷ ᠲᠤᠲᠤᠮ ᠤᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠪᠠᠷᠢᠮᠵᠢᠶᠠᠵᠢᠭᠤᠯᠤᠯᠲᠠ ᠶᠢᠨ | ᠪᠣᠯᠪᠠᠰᠤᠷᠠᠭᠤᠯᠤᠯ᠂ ᠮᠡᠷᠭᠡᠵᠢᠯ ᠤᠨ ᠵᠢᠯᠣᠭᠤᠳᠤᠯᠭ᠎ᠠ᠂ ᠦᠵᠡᠭᠦᠯᠦᠯᠭᠡ ᠶᠢᠨ ᠰᠣᠯᠢᠯᠴᠠᠭ᠎ᠠ᠂ ᠵᠠᠭᠤᠴᠢᠯᠠᠭᠤᠷ ᠤᠨ | ᠤᠬᠠᠭᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠦᠢᠯᠡᠳᠪᠦᠷᠢᠯᠡᠵᠦ ᠡᠳ᠋ᠰᠢᠭᠦᠯᠬᠦ ᠡᠯ᠎ᠡ ᠵᠠᠩᠭᠢᠯᠠᠭ᠎ᠠ ᠶᠢᠨ | ᠪᠠᠷᠢᠮᠵᠢᠶᠠᠵᠢᠭᠤᠯᠤᠯᠲᠠ ᠶᠢᠨ ᠣᠨᠣᠯᠵᠢᠬᠤᠨ ᠢ ᠪᠠᠲᠤ ᠪᠣᠶ ᠪᠣᠯᠭᠠᠨ᠎ᠠ᠃ ᠪᠣᠯᠪᠠᠰᠤᠷᠠᠭᠤᠯᠤᠯ ᠤᠨ ᠠᠩᠭᠢ ᠶᠢ 2 | ᠤᠳᠠᠭ᠎ᠠ ᠡᠷᠬᠢᠯᠡᠵᠦ ᠂ 200 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ ᠃ ᠪᠠᠷᠢᠮᠵᠢᠶᠠᠵᠢᠭᠤᠯᠤᠭᠰᠠᠨ | ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ︽ᠠᠯᠠᠱᠠ ᠶᠢᠨ ᠨᠤᠤᠯᠤᠭᠤᠷ ᠤᠨ ᠴᠠᠭᠠᠨ ᠢᠮᠠᠭ᠎ᠠ ᠶᠢ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠮᠡᠷᠭᠡᠵᠢᠯ︾᠂ ︽ᠠᠯᠠᠱᠠ ᠶᠢᠨ ᠬᠤᠣᠰ ᠪᠥᠬᠦᠲᠦ ᠲᠡᠮᠡᠭᠡ ᠶᠢ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠮᠡᠷᠭᠡᠵᠢᠯ︾ ᠢ ᠨᠠᠶᠢᠷᠠᠭᠤᠯᠤᠨ ᠬᠡᠪᠯᠡᠭᠦᠯᠵᠦ᠂ ᠤᠬᠠᠭᠤᠯᠭ᠎ᠠ ᠶᠢᠨ | ᠳᠡᠪᠲᠡᠷ ᠤᠬᠠᠭᠤᠯᠭ᠎ᠠ ᠶᠢᠨ ᠬᠠᠭᠤᠳᠠᠰᠤ ᠶᠢ 1500 ᠬᠤᠪᠢ ᠲᠠᠷᠬᠠᠭᠠᠵᠤ᠂ ᠮᠠᠯᠵᠢᠬᠤ ᠡᠷᠦᠬᠡ ᠳᠤ ᠭᠦᠨᠵᠡᠭᠡᠶᠢᠷᠡᠨ | 600 ᠬᠥᠮᠥᠨ ᠤᠳᠠᠭ᠎ᠠ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠪᠡ᠃ | | |