ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ | ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ 2022 ᠣᠨ ᠤ 5 ᠰᠠᠷ᠎ᠠ ᠶᠢᠨ | 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠤᠨ ᠤᠷᠭᠤᠮᠠᠯ ᠢ ᠬᠠᠮᠠᠭᠠᠯᠠᠨ ᠪᠠᠶᠢᠴᠠᠭᠠᠬᠤ ᠭᠠᠵᠠᠷ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠵᠦᠢᠯ ᠤᠨ | ᠭᠤᠣᠯ ᠪᠣᠯᠬᠤ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠢ ᠪᠥᠬᠦ ᠶᠠᠪᠤᠴᠠ ᠳᠤ ᠶᠡᠷᠦᠩᠬᠡᠶᠢᠯᠡᠨ ᠰᠡᠷᠭᠡᠶᠢᠯᠡᠨ | ᠡᠵᠡᠮᠳᠡᠵᠦ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠳᠦᠷᠪᠡᠨ ᠱᠠᠲᠤ | ᠬᠤᠯᠪᠤᠭᠠᠯᠠᠨ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠵᠢᠶᠠᠨ | ᠬᠤᠸᠠ ᠪᠠᠯᠭᠠᠰᠤᠨ ᠤ ᠯᠢᠦ ᠾᠧ ᠲᠣᠰᠬᠤᠨ ᠳᠤ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠨ ᠦᠷ᠎ᠡ | ᠠᠰᠢᠭ ᠢ ᠨᠡᠮᠡᠭᠳᠡᠭᠦᠯᠬᠦ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠢ ᠥᠷᠨᠢᠭᠦᠯᠪᠡ᠃ | | | | | | | | ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ | ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯᠲᠡᠨ ᠵᠢᠴᠢ ᠺᠠᠶᠢᠯᠤ ᠰᠢᠶᠠᠨ ᠤ ᠡᠯ᠎ᠡ ᠪᠠᠯᠭᠠᠰᠤ ᠲᠠᠯᠠᠪᠠᠶ ᠶᠢᠨ ᠬᠤᠪᠢᠳᠠᠨ | ᠬᠠᠮᠢᠶᠠᠷᠴᠤ ᠪᠦᠬᠦᠢ ᠤᠳᠤᠷᠢᠳᠤᠯᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ | ᠡᠷᠬᠢᠯᠡᠭᠴᠢ᠂ ᠬᠠᠮᠢᠶ᠎ᠠ ᠪᠦᠬᠦᠢ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠭᠠᠵᠠᠷ ᠰᠢᠷᠤᠢ ᠬᠡᠷᠡᠭᠯᠡᠬᠦ | ᠡᠷᠬᠡ ᠪᠠᠨ ᠰᠢᠯᠵᠢᠭᠦᠯᠦᠭᠰᠡᠨ ᠲᠣᠮᠣ ᠡᠷᠦᠬᠡ ᠵᠢᠴᠢ ᠳᠠᠶᠢᠴᠢᠯᠠᠬᠤ ᠴᠢᠳᠠᠪᠤᠷᠢ ᠶᠡᠬᠡᠳᠠᠢ ᠲᠠᠷᠢᠮᠠᠯ ᠤᠨ ᠲᠣᠮᠣ ᠡᠷᠦᠬᠡ᠂ | ᠲᠠᠷᠢᠶᠠᠴᠢᠨ ᠡᠷᠦᠬᠡ ᠵᠡᠷᠭᠡ 60 ᠭᠠᠷᠤᠢ ᠬᠥᠮᠥᠨ ᠣᠷᠣᠯᠴᠠᠵᠠᠢ᠃ | | | | | | | | ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠳᠡᠯᠭᠡᠷᠡᠭᠦᠯᠬᠦ ᠲᠥᠪ ᠤᠨ ᠤᠷᠭᠤᠮᠠᠯ ᠢ ᠬᠠᠮᠠᠭᠠᠯᠠᠨ ᠪᠠᠶᠢᠴᠠᠭᠠᠬᠤ ᠭᠠᠵᠠᠷ ᠤᠨ ᠳᠡᠳ᠋ ᠳᠠᠷᠤᠭ᠎ᠠ ᠬᠤᠸᠠᠩ ᠵᠢᠶᠦ᠋ᠨ | ᠰᠢᠶᠠ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ | ᠰᠣᠯᠢᠪᠴᠠᠯ ᠲᠠᠷᠢᠶᠠᠯᠠᠭ᠎ᠠ ᠶᠢᠨ ᠰᠡᠷᠭᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ | ᠥᠷᠨᠢᠭᠦᠯᠵᠦ ᠂ ᠲᠠᠷᠢᠮᠠᠯ ᠤᠨ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠢ ᠦᠷᠭᠦᠯᠵᠢᠯᠡᠨ ᠵᠠᠰᠠᠬᠤ ᠶᠢ | ᠠᠬᠢᠭᠤᠯᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠠᠷᠢᠶᠠᠨ ᠡᠮ ᠤᠨ ᠣᠷᠣᠭᠤᠯᠤᠯᠲᠠ ᠶᠢ | ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠂ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠣᠯᠣᠨ ᠲᠠᠷᠢᠶᠠᠯᠠᠩ ᠤᠨ ᠠᠮᠢ ᠠᠬᠤᠢ ᠶᠢᠨ | ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ ᠭᠠᠵᠠᠷ ᠤᠨ ᠳᠡᠳ᠋ ᠳᠠᠷᠤᠭ᠎ᠠ ᠰᠠᠴᠤᠷᠠᠩᠭᠤᠢ ᠰᠢᠷ᠎ᠠ | ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠵᠢᠴᠢ ᠡᠷᠳᠡᠨᠢ ᠰᠢᠰᠢ ᠶᠢᠨ ᠴᠣᠯ | ᠲᠠᠷᠢᠮᠠᠯ ᠤᠨ ᠵᠠᠭᠪᠤᠷ ᠳᠣᠣᠷᠠᠬᠢ ᠡᠪᠡᠰᠦ ᠠᠷᠢᠯᠭᠠᠭᠴᠢ ᠶᠢ ᠵᠥᠪ ᠣᠨᠣᠪᠴᠢᠲᠠᠢ ᠰᠣᠩᠭᠤᠬᠤ ᠪᠠ ᠬᠡᠷᠡᠭᠯᠡᠬᠦ ᠳᠤ | ᠠᠩᠬᠠᠷᠬᠤ ᠵᠦᠢᠯᠡᠰ ᠢ ᠭᠤᠣᠯᠳᠠᠯᠭ᠎ᠠ ᠲᠠᠢ ᠲᠠᠶᠢᠯᠪᠤᠷᠢᠯᠠᠪᠠ ᠃ ᠠᠵᠤ ᠠᠬᠤᠶᠢᠯᠠᠯ ᠤᠨ ᠬᠠᠮᠢᠶ᠎ᠠ ᠪᠦᠬᠦᠢ ᠮᠡᠷᠭᠡᠵᠢᠯ ᠤᠨ | ᠠᠵᠢᠯᠲᠠᠳ ᠲᠤᠬᠠᠢ ᠶᠢᠨ ᠲᠠᠯᠠᠪᠤᠷ ᠲᠤ ᠪᠤᠳᠠᠰᠯᠢᠭ ᠬᠤᠯᠪᠤᠭᠠᠲᠤ ᠰᠦᠯᠵᠢᠶ᠎ᠡ ᠶᠢᠨ ᠬᠤᠷᠣᠬᠠᠢ ᠶᠢᠨ ᠪᠠᠶᠢᠳᠠᠯ ᠢ | ᠬᠡᠮᠵᠢᠨ ᠮᠡᠳᠡᠭᠦᠯᠬᠦ ᠣᠶᠤᠨᠲᠤ ᠳ᠋ᠧᠩ ᠢ ᠬᠡᠷᠡᠭᠯᠡᠬᠦ ᠠᠷᠭ᠎ᠠ᠂ ᠲᠣᠮᠣ ᠬᠡᠯᠪᠡᠷᠢ ᠶᠢᠨ ᠡᠯᠭᠦᠮᠡᠯ ᠰᠦᠷᠴᠢᠭᠦᠷ ᠤᠨ | ᠠᠵᠢᠯᠯᠠᠬᠤ ᠠᠷᠭ᠎ᠠ ᠵᠢᠴᠢ ᠬᠥᠪᠬᠦ ᠶᠢ ᠰᠡᠷᠭᠡᠶᠢᠯᠡᠬᠦ ᠰᠦᠷᠴᠢᠭᠦᠷ᠂ ᠥᠨᠳᠥᠷ ᠪᠦᠲᠦᠮᠵᠢᠲᠡᠶ ᠪᠠᠷᠢᠮᠵᠢᠶᠠᠲᠤ | ᠳᠡᠪᠢᠭᠦᠷᠯᠢᠭ ᠰᠦᠷᠴᠢᠭᠦᠷ ᠢ ᠬᠡᠷᠡᠭᠯᠡᠬᠦ ᠮᠡᠷᠭᠡᠵᠢᠯ ᠢ ᠲᠠᠶᠢᠯᠪᠤᠷᠢᠯᠠᠬᠤ ᠶᠢᠨ ᠬᠠᠮᠲᠤ ᠤᠯᠠᠮᠵᠢᠯᠠᠯᠲᠤ ᠱᠣᠷᠣᠯᠵᠢᠨ | ᠰᠦᠷᠴᠢᠭᠦᠷ ᠲᠠᠢ ᠬᠠᠷᠢᠴᠠᠭᠤᠯᠤᠨ ᠦᠵᠡᠭᠦᠯᠵᠡᠢ᠃ ᠣᠨᠣᠯ ᠤᠨ ᠮᠡᠳᠡᠯᠭᠡ ᠪᠠ ᠪᠣᠳᠠᠲᠠᠢ ᠠᠵᠢᠯᠯᠠᠭ᠎ᠠ ᠶᠢ | ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ ᠂ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠵᠤ ᠦᠷ᠎ᠡ ᠠᠰᠢᠭ ᠢ | ᠨᠡᠮᠡᠭᠳᠡᠭᠦᠯᠬᠦ ᠮᠡᠷᠭᠡᠵᠢᠯ ᠢ ᠲᠠᠷᠢᠶᠠᠴᠢᠨ ᠡᠷᠦᠬᠡ ᠳᠤ ᠨᠡᠩ ᠰᠢᠭᠤᠳ ᠣᠶᠢᠯᠠᠭᠠᠭᠤᠯᠤᠨ ᠡᠵᠡᠮᠰᠢᠭᠦᠯᠪᠡ᠃ ᠡᠭᠦᠨ ᠤ | ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ | ᠤᠷᠭᠤᠮᠠᠯ ᠢ ᠬᠠᠮᠠᠭᠠᠯᠠᠨ ᠪᠠᠶᠢᠴᠠᠭᠠᠬᠤ ᠭᠠᠵᠠᠷ ᠤᠨ ᠮᠡᠷᠭᠡᠵᠢᠯᠲᠡᠨ ᠲᠤᠬᠠᠢ ᠶᠢᠨ ᠲᠠᠯᠠᠪᠤᠷ ᠲᠤ ᠰᠢᠷ᠎ᠠ ᠪᠤᠷᠴᠠᠭ ᠪᠠ | ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠶᠢᠨ ᠡᠪᠡᠰᠦ ᠠᠷᠢᠯᠭᠠᠭᠴᠢ ᠰᠢᠩᠭᠡᠨ ᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠵᠢᠴᠢ ᠴᠢᠬᠢᠯᠡᠭᠰᠡᠨ ᠤ ᠳᠠᠷᠠᠭᠠᠬᠢ ᠡᠪᠡᠰᠦ ᠠᠷᠢᠯᠭᠠᠬᠤ ᠳᠤ ᠠᠩᠬᠠᠷᠬᠤ | ᠵᠦᠢᠯᠡᠰ ᠢ ᠵᠢᠭᠠᠨ ᠵᠢᠯᠣᠭᠤᠳᠪᠠ᠃ | | | | | | | | ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ ᠂ ᠪᠥᠬᠦ | ᠣᠷᠣᠨ ᠤ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠤ᠂ ᠮᠠᠨ ᠤ ᠣᠷᠣᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠷ᠎ᠡ | ᠠᠰᠢᠭ ᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠲᠦᠯᠬᠢᠨ ᠠᠬᠢᠭᠤᠯᠬᠤ᠂ ᠲᠠᠷᠢᠶᠠᠯᠠᠩ ᠤᠨ ᠪᠣᠬᠢᠷᠳᠤᠯ | ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | |