ᠤᠷᠴᠢᠮᠬᠠᠨ᠂ ᠰᠣᠷᠪᠤᠯᠵᠢᠯᠠᠭᠴᠢ ᠤᠷᠳᠤᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠨᠠᠩᠰᠤ | ᠪᠠᠯᠭᠠᠰᠤ ᠶᠢᠨ ᠮᠡᠩᠬᠡ ᠭᠠᠴᠠᠭ᠎ᠠ ᠶᠢᠨ ᠪᠠᠶᠠᠨ᠋ᠦ᠋ᠯᠵᠢ ᠮᠠᠯᠵᠢᠯ ᠤᠨ ᠬᠤᠷᠰᠢᠶ᠎ᠠ ᠶᠢᠨ ᠮᠠᠯᠴᠢᠨ ᠰᠠᠷᠠᠨᠳᠠᠯᠠᠢ ᠶᠢᠨ ᠬᠢᠨ ᠳᠤ | ᠬᠦᠷᠬᠦ ᠳᠤ ᠂ ᠰᠠᠷᠠᠨᠳᠠᠯᠠᠢ ᠶᠠᠬ ᠮᠠᠯ ᠤᠨ ᠬᠠᠰᠢᠶᠠᠨ ᠳᠠᠭᠠᠨ ᠲᠠᠷᠭᠤ ᠬᠦᠴᠦ ᠰᠠᠶᠢᠲᠠᠢ ︽ᠬᠠᠷ᠎ᠠ ᠲᠣᠯᠤᠭᠠᠶᠢᠲᠦ ︾ | ᠬᠤᠨᠢᠳ ᠲᠠᠭᠠᠨ ᠡᠪᠡᠰᠦ ᠪᠣᠷᠳᠤᠭ᠎ᠠ ᠦᠭᠴᠦ ᠶᠠᠭᠠᠷᠠᠵᠣ ᠪᠠᠶᠢᠯ᠎ᠠ ᠃ | 2014 ᠣᠨ ᠠᠴᠠ ᠡᠬᠢᠯᠡᠨ᠂ ᠰᠠᠷᠡᠨᠳᠠᠯᠠᠢ ᠨᠤᠲᠤᠭ ᠪᠡᠯᠴᠢᠭᠡᠷ ᠤᠨ ᠳᠠᠭᠠᠭᠠᠴᠠ ᠶᠢ ᠬᠦᠩᠭᠡᠷᠡᠭᠦᠬᠦ ᠶᠢᠨ | ᠲᠥᠯᠥᠭᠡ᠂ ᠬᠤᠨᠢᠨ ᠤ ᠪᠠᠨ ᠡᠭᠦᠯᠳᠡᠷ ᠢ ᠰᠠᠶᠢᠵᠢᠷᠠᠭᠤᠯᠤᠭᠰᠠᠨ ᠪᠠᠶᠢᠨ᠎ᠠ ᠃ ᠰᠠᠹᠤᠺ ᠬᠤᠨᠢᠨ ᠤ ᠰᠠᠶᠢᠲᠠᠢ ᠲᠠᠯ᠎ᠠ ᠶᠢ | ᠶᠠᠷᠢᠬᠤ ᠳᠤ ᠂ ᠰᠠᠷᠠᠠᠳᠠᠯᠠᠢ᠄ ︽ᠰᠠᠹᠤᠺ ᠬᠤᠨᠢᠨ ᠤ ᠥᠰᠥᠯᠲᠡ ᠪᠣᠶᠢᠵᠢᠯᠲᠡ ᠲᠦᠷᠭᠡᠨ᠂ ᠮᠢᠬᠠᠨ ᠤ ᠭᠠᠷᠤᠯᠲᠠ | ᠥᠨᠳᠥᠷ ᠮᠥᠷᠲᠡᠭᠡᠨ ᠬᠠᠭᠠᠰ ᠬᠠᠰᠢᠶᠠᠯᠠᠨ ᠲᠡᠵᠢᠭᠡᠵᠦ᠂ ᠬᠠᠭᠠᠰ ᠮᠠᠯᠵᠢᠬᠤ ᠳᠤ ᠲᠣᠬᠢᠷᠠᠮᠵᠢᠲᠠᠶ᠂ ᠪᠡᠶ᠎ᠡ ᠶᠢᠨ | ᠬᠦᠨᠳᠦ ᠨᠢ ᠨᠡᠯᠢᠶᠡᠳ ᠶᠡᠭᠡ᠂ ᠮᠢᠬ᠎ᠠ ᠨᠤᠤᠰᠤ ᠶᠢ ᠬᠤᠣᠰᠯᠠᠭᠤᠯᠤᠭᠰᠠᠨ ᠬᠤᠨᠢᠨ ᠤ ᠡᠭᠦᠯᠳᠡᠷ ᠪᠣᠯᠤᠨ᠎ᠠ᠃ ᠪᠢ | ᠣᠣᠯ ᠨᠢ ᠨᠣᠳᠤᠬ ᠤᠨ ᠬᠤᠨᠢ ᠮᠠᠯᠵᠢᠵᠣ ᠪᠠᠶᠢᠭᠰᠠᠨ ᠶᠣᠮ᠂ ᠰᠠᠹᠣᠺ ᠬᠤᠨᠢ ᠮᠠᠯᠵᠢᠭᠰᠠᠨ ᠤ ᠲᠠᠷᠠᠭ᠎ᠠ᠂ ᠬᠤᠨᠢᠨ ᠤ | ᠳᠤᠭ᠎ᠠ ᠴᠥᠬᠡᠷᠡᠵᠣ᠂ ᠨᠤᠲᠤᠭ ᠪᠡᠯᠴᠢᠭᠡᠷ᠂ ᠡᠪᠡᠰᠦ ᠪᠣᠷᠳᠤᠭ᠎ᠠ ᠵᠢᠴᠢ ᠬᠦᠮᠦᠨ ᠤ ᠬᠦᠴᠦᠨ ᠤ ᠵᠠᠷᠤᠳᠠᠯ ᠨᠢ ᠴᠦ | ᠳᠠᠭᠠᠯᠳᠤᠨ ᠬᠠᠰᠤᠭᠳᠠᠵᠤ ᠂ ᠣᠷᠣᠯᠭ᠎ᠠ ᠨᠢ ᠬᠠᠷᠢᠨ ᠤᠤᠯ ᠤᠨ ᠬᠢ ᠠᠴᠠ ᠪᠠᠨ ᠰᠠᠶᠢᠨ ᠪᠣᠯᠵᠠᠶ᠃ ᠣᠳᠤᠬᠠᠨ ᠳᠤ | ᠵᠠᠬ᠎ᠠ ᠳᠡᠯᠭᠡᠭᠦᠷ ᠳᠡᠭᠡᠷ᠎ᠡ ᠰᠠᠹᠤᠺ ᠬᠤᠴᠠ ᠮᠠᠰᠢ ᠬᠤᠪᠣᠷ ᠴᠤᠬᠠᠭ ᠪᠠᠶᠢᠨ᠎ᠠ ᠂ ᠨᠢᠭᠡ ᠬᠤᠴᠠ ᠶᠢ 7000 | ᠲᠦᠭᠦᠷᠢᠭ ᠤᠨ ᠦᠨ᠎ᠡ ᠪᠠᠷ ᠪᠣᠯᠢᠶᠠᠯᠳᠣᠨ ᠠᠪᠴᠥ ᠪᠣᠢ᠂ ᠮᠢᠨᠥ ᠲᠤᠬᠠᠶ ᠶᠢᠨ ᠦᠶ᠎ᠡ ᠶᠢᠨ ᠰᠣᠩᠭᠤᠬᠰᠠᠨ ᠵᠠᠮ | ᠲᠠᠭᠠᠷᠠᠬᠰᠠᠨ ᠪᠠᠶᠢᠨ᠎ᠠ ︾ ᠬᠡᠵᠣ ᠮᠠᠯ ᠤᠨ ᠡᠬᠦᠯᠳᠡᠷ ᠢᠶᠠᠨ ᠰᠠᠶᠢᠵᠢᠷᠠᠭᠤᠯᠤᠭᠰᠠᠨ ᠳᠣᠬᠠᠢ ᠪᠠᠶᠠᠷᠳᠡᠢ ᠶᠠᠷᠢᠨ᠎ᠠ᠃ | ᠰᠠᠷᠠᠨᠳᠠᠯᠠᠢ ᠶᠢᠨ ᠬᠢᠨ ᠤ ᠲᠡᠵᠢᠭᠡᠨ ᠦᠷᠡᠵᠢᠭᠦᠯᠬᠦ ᠦᠢᠯᠡᠳᠦᠯᠭᠡ ᠪᠣᠯ ᠨᠠᠩᠰᠤᠪᠠᠯᠭᠠᠰᠤᠨ ᠤ ᠬᠤᠨᠢᠨ ᠤ ᠠᠵᠤ | ᠦᠢᠯᠡᠰ ᠤᠨ ᠲᠤᠭ᠎ᠠ ᠬᠡᠮᠵᠢᠶ᠎ᠡ ᠶᠢᠨ ᠥᠷᠭᠡᠵᠢᠯ ᠤᠨ ᠬᠡᠯᠪᠡᠷᠢ ᠠᠴᠠ ᠶᠠᠰᠤ ᠴᠢᠨᠠᠷ ᠦᠷ᠎ᠡ ᠠᠰᠢᠭ ᠤᠨ ᠬᠡᠯᠪᠡᠷᠢ | ᠲᠡᠶᠢᠰᠢ ᠬᠤᠪᠢᠷᠠᠨ ᠬᠦᠭᠵᠢᠭᠰᠡᠨ ᠤ ᠬᠤᠷᠢᠶᠠᠩᠭᠤᠢ ᠲᠦᠷᠢ ᠪᠣᠯᠤᠨ᠎ᠠ᠃ ᠣᠶᠢᠷ᠎ᠠ ᠶᠢᠨ ᠵᠢᠯ ᠳᠤ ᠂ ᠨᠠᠩᠰᠤ ᠪᠠᠯᠭᠠᠰᠤ | ᠬᠡᠪᠴᠢᠶᠡᠵᠢᠭᠰᠡᠨ ᠮᠢᠬᠠᠨ ᠤ ᠬᠤᠨᠢᠨ ᠤ ᠣᠬᠤᠷ ᠬᠤᠭᠤᠴᠠᠭᠠᠨ ᠤ ᠪᠣᠷᠳᠣᠵᠤ ᠲᠠᠷᠭᠤᠯᠠᠭᠤᠯᠬᠤ ᠬᠦᠷᠢᠶᠡᠯᠡᠩ | ᠲᠣᠭᠤᠷᠢᠭ᠂ ᠥᠨᠳᠥᠷ ᠪᠠᠷᠢᠮᠵᠢᠶᠠᠲᠤ ᠮᠢᠬᠠᠨ ᠤ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠣᠲᠣ | ᠦᠶ᠎ᠡ ᠶᠢᠨ ᠮᠠᠯ ᠠᠵᠤ ᠠᠬᠤᠶ ᠶᠢᠨ ᠵᠠᠭᠤᠨ ᠡᠷᠦᠬᠡ ᠶᠢᠨ ᠵᠢᠱᠢᠶ᠎ᠡ ᠦᠵᠡᠭᠦᠯᠦᠨ ᠬᠠᠮᠲᠤᠷᠠᠨ ᠪᠠᠶᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠂ ᠡᠷᠴᠢᠮᠵᠢᠭᠦᠯᠦᠭᠰᠡᠨ ᠲᠡᠵᠢᠭᠡᠨ | ᠦᠷᠡᠵᠢᠭᠦᠯᠬᠦ ᠵᠠᠭᠪᠤᠷ ᠢ ᠦᠷᠭᠡᠨ ᠢᠶᠠᠷ ᠳᠡᠯᠭᠡᠷᠡᠭᠦᠯᠦᠨ᠂ ᠪᠥᠬᠦ ᠪᠠᠯᠭᠠᠰᠤᠨ ᠤ ᠮᠢᠬᠠᠨ ᠤ ᠬᠤᠨᠢ᠂ ᠮᠢᠬᠠᠨ ᠤ | ᠦᠬᠡᠷ ᠤᠨ ᠲᠤᠭ᠎ᠠ ᠶᠢ ᠳᠣᠰ ᠳᠣᠰ 46 ᠲᠦᠮᠡ ᠪᠠ 2 ᠲᠦᠮᠡ ᠳᠤ ᠬᠥᠷᠬᠡᠵᠤ᠂ ᠮᠠᠯ ᠤᠨ ᠭᠠᠷᠤᠯᠲᠠ ᠶᠢᠨ | ᠬᠡᠮᠵᠢᠶ᠎ᠡ ᠶᠢ 40 ᠲᠦᠮᠡ ᠳᠤ ᠬᠥᠷᠬᠡᠵᠡᠢ᠃ | ᠥᠢᠷ᠎ᠠ ᠶᠢᠨ ᠵᠢᠯ ᠳᠤ᠂ ᠰᠠᠷᠠᠨᠳᠠᠯᠠᠢ ᠰᠢᠨᠵᠢᠯᠡᠬᠦ ᠣᠬᠠᠭᠠᠨᠴᠢ ᠪᠠᠷ ᠮᠠᠯ ᠮᠠᠯᠵᠢᠬᠤ ᠵᠠᠮ ᠢᠶᠠᠷ ᠵᠠᠮᠨᠠᠵᠣ᠂ | ᠰᠢᠷᠭᠠᠭᠤ ᠬᠠᠳᠠᠭᠤᠵᠢᠯᠳᠡᠢ ᠴᠢᠷᠮᠠᠶᠢᠨ ᠠᠵᠢᠯᠯᠠᠬᠰᠠᠨ ᠢᠶᠠᠷ᠂ ᠲᠡᠳᠡᠨ ᠤ ᠰᠠᠹᠣᠺ ᠡᠮ᠎ᠠ ᠬᠤᠨᠢ 90 ᠭᠠᠷᠣᠢ᠂ ᠴᠣᠯ | ᠡᠬᠦᠯᠳᠡᠷ ᠤᠨ ᠬᠤᠴᠨ 20 ᠭᠠᠷᠣᠢ ᠪᠣᠯᠵᠣ᠂ ᠵᠢᠯ ᠳᠤ 120 ᠭᠠᠷᠣᠢ ᠬᠤᠷᠠᠭ᠎ᠠ ᠳᠣᠰᠴᠥ᠂ ᠤᠤᠯ ᠳᠠᠭᠠᠨ | ᠨᠣᠳᠤᠬ ᠤᠨ ᠬᠤᠨᠢ ᠮᠠᠯᠵᠢᠵᠤ ᠪᠠᠶᠢᠭᠰᠠᠨ ᠲᠠᠢ ᠬᠠᠷᠢᠴᠠᠭᠤᠯᠪᠠᠯ ᠬᠤᠶᠠᠷ ᠭᠤᠷᠪᠠᠨ ᠲᠠᠬᠢᠨ ᠣᠷᠣᠯᠭ᠎ᠠ ᠣᠯᠵᠣ ᠪᠣᠢ᠃ | ︽ ᠳᠠᠷᠠᠭᠠᠴᠢ ᠶᠢᠨ ᠠᠯᠬᠤᠮ ᠳᠤ ᠨᠣᠳᠤᠬ ᠤᠨ ᠡᠬᠦᠯᠳᠡᠷ ᠤᠨ ᠬᠤᠨᠢᠳ ᠢᠶᠠᠨ ᠴᠡᠪᠡᠷᠯᠡᠵᠣ᠂ ᠪᠥᠷ ᠴᠡᠪᠡᠷ ᠡᠭᠦᠯᠳᠡᠷ | ᠲᠤ ᠣᠶᠢᠷᠠᠳᠤᠭᠰᠠᠨ ᠪᠣᠶᠣ ᠴᠡᠪᠡᠷ ᠡᠬᠦᠯᠳᠡᠷ ᠤᠨ ᠡᠬᠡ ᠮᠠᠯ ᠢᠶᠠᠷ ᠰᠣᠯᠢᠵᠣ᠂ ᠣᠷᠣᠯᠭ᠎ᠠ ᠪᠠᠨ ᠣᠯᠠᠮ ᠳᠥᠷᠬᠡᠨ | ᠨᠡᠮᠡᠭᠳᠡᠭᠦᠯᠬᠦ ᠪᠠᠷ ᠴᠢᠷᠮᠠᠶᠢᠵᠦ ᠪᠠᠶᠢᠨ᠎ᠠ ︾ ᠬᠡᠵᠣ ᠲᠠᠷᠠ ᠬᠤᠵᠢᠮ ᠤᠨ ᠬᠠᠷᠠᠯᠳᠠ ᠳᠠᠭᠠᠨ ᠢᠳᠡᠬᠡᠯ ᠲᠡᠬᠦᠯᠳᠡᠷ ᠶᠠᠷᠢᠨ᠎ᠠ᠃ | | ᠣᠳᠣ᠂ ᠨᠠᠩᠰᠦ ᠪᠠᠯᠭᠠᠰᠤ ᠶᠢᠨ ᠬᠢᠨ ᠮᠢᠬᠠᠨ ᠤ ᠬᠤᠨᠢᠨ ᠤ ᠠᠵᠤ ᠦᠢᠯᠡᠰ ᠤᠨ ᠬᠦᠴᠦᠷᠬᠡᠭ ᠪᠠᠯᠭᠠᠰᠤ ᠶᠢ | ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠮᠢᠬᠠᠨ ᠤ ᠬᠤᠨᠢᠨ ᠤ ᠡᠭᠦᠯᠳᠡᠷ ᠢ ᠰᠠᠶᠢᠵᠢᠷᠠᠭᠤᠯᠬᠤ | ᠠᠵᠢᠯᠯᠠᠭ᠎ᠠ ᠶᠢ ᠬᠡᠷᠡᠭᠵᠢᠭᠦᠯᠵᠦ ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ ᠂ ᠶᠠᠰᠤ ᠴᠢᠨᠠᠷ ᠦᠷ᠎ᠡ | ᠠᠰᠢᠭ ᠢ ᠳᠣᠪᠤᠶᠢᠯᠭᠠᠵᠤ ᠂ ᠪᠥᠬᠦ ᠲᠠᠯ᠎ᠠ ᠪᠠᠷ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠠᠬᠢᠭᠤᠯᠤᠨ᠂ ᠮᠠᠯᠴᠢᠨ | ᠲᠠᠷᠢᠶᠠᠴᠢᠨ ᠢ ᠳᠠᠶᠢᠴᠢᠯᠠᠨ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠬᠤᠪᠢᠷᠠᠭᠤᠯᠵᠤ᠂ ᠪᠠᠷᠢᠮᠵᠢᠶᠠᠲᠤ ᠲᠡᠵᠢᠭᠡᠨ | ᠦᠷᠡᠵᠢᠭᠦᠯᠬᠦ ᠶᠢ ᠬᠦᠭᠵᠢᠭᠦᠯᠦᠨ ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠵᠦ᠂ ᠪᠣᠬᠢᠷᠲᠤᠯ | ᠥᠬᠡᠶ ᠠᠮᠢ ᠠᠬᠤᠶ ᠶᠢᠨ ᠬᠦᠭᠵᠢᠯᠲᠡ ᠶᠢᠨ ᠵᠢᠱᠢᠶ᠎ᠡ ᠦᠵᠡᠭᠦᠯᠬᠦ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠶᠢᠨ | ᠡᠷᠬᠢᠯᠳᠡᠳᠦ ᠬᠦᠭᠵᠢᠯᠲᠡ ᠶᠢᠨ ᠵᠢᠱᠢᠶ᠎ᠡ ᠦᠵᠡᠭᠦᠯᠬᠦ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ ᠂ | ᠣᠳᠣᠬᠢᠴᠢᠯᠡᠭᠰᠠᠨ ᠨᠠᠩᠰᠤ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠦᠭᠰᠡᠨ | ᠪᠠᠶᠢᠨ᠎ᠠ ᠃ | |