ᠠᠤᠬᠠᠨ ᠤ ᠬᠠᠭᠤᠷᠠᠶ ᠲᠠᠷᠢᠶᠠᠯᠠᠩ ᠤᠨ ᠰᠢᠰᠲ᠋ᠧᠮ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠵᠦᠪᠰᠢᠶᠡᠷᠡᠯ ᠢᠶᠠᠷ ᠪᠥᠬᠦ ᠪᠦᠮᠪᠦᠷᠴᠡᠭ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠪᠣᠯᠪᠠ
ᠨᠡᠶᠢᠲᠡᠯᠡᠭᠰᠡᠨ ᠴᠠᠭ᠄
2022/5/26
      2012 ᠣᠨ ᠤ 9 ᠰᠠᠷ᠎ᠠ ᠳᠤ᠂ ᠠᠤᠬᠠᠨ ᠤ ᠬᠠᠭᠤᠷᠠᠶ ᠲᠠᠷᠢᠶᠠᠯᠠᠩ ᠤᠨ ᠰᠢᠰᠲ᠋ᠧᠮ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠵᠦᠪᠰᠢᠶᠡᠷᠡᠯ ᠢᠶᠠᠷ ᠪᠥᠬᠦ ᠪᠦᠮᠪᠦᠷᠴᠡᠭ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠪᠣᠯᠵᠣ᠂ ᠳᠡᠯᠡᠬᠡᠶ ᠳᠡᠭᠡᠷᠡᠬᠢ ᠠᠩᠬᠠᠳᠠᠭᠴᠢ ᠠᠮᠤ ᠪᠤᠳᠠᠭᠠᠨ ᠤ ᠦᠢᠯᠡᠳᠪᠦᠷᠢᠯᠡᠯ ᠢᠶᠠᠷ ᠭᠤᠤᠯ ᠪᠣᠯᠭᠠᠭᠰᠠᠨ ᠬᠠᠭᠤᠷᠠᠶ ᠲᠠᠷᠢᠶᠠᠯᠠᠩ ᠤᠨ ᠰᠣᠶᠣᠯ ᠤᠨ ᠥᠪ ᠪᠣᠯᠪᠠ᠃ 10 ᠵᠢᠯ ᠤᠨ ᠬᠤᠭᠤᠴᠠᠭᠠᠨ ᠳᠤ᠂ ᠠᠤᠬᠠᠨ ᠤ ᠨᠠᠷᠢᠮᠤ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠠᠮᠵᠢᠯᠲᠡ  ᠲᠠᠢ ᠡᠭᠦᠳᠴᠦ᠂ ᠤᠷᠢᠳ ᠬᠤᠵᠢᠳ ︽ᠤᠯᠤᠰ ᠤᠨ ᠭᠠᠵᠠᠷ ᠵᠦᠶ ᠶᠢᠨ ᠢᠯᠡᠷᠭᠡᠶᠢᠯᠡᠯᠲᠦ ᠲᠠᠸᠠᠷ ᠤᠨ ᠲᠡᠮᠳᠡᠭ ᠤᠨ ᠬᠠᠮᠠᠭᠠᠯᠠᠯᠲᠠ  ᠲᠠᠢ ᠦᠢᠯᠡᠳᠭᠦᠨ︾᠂ ︽ᠤᠯᠤᠰ ᠤᠨ ᠭᠠᠵᠠᠷ ᠵᠦᠶ ᠶᠢᠨ ᠢᠯᠡᠷᠭᠡᠶᠢᠯᠡᠯᠲᠦ ᠲᠠᠸᠠᠷ ᠤᠨ ᠲᠡᠮᠳᠡᠭ ᠤᠨ ᠭᠡᠷᠡᠴᠢ ᠲᠠᠸᠠᠷ ᠤᠨ ᠲᠡᠮᠳᠡᠭ ︾ ᠢᠶᠠᠷ ᠵᠦᠪᠰᠢᠶᠡᠷᠡᠭᠳᠡᠵᠦ᠂ ᠣᠷᠣᠨ ᠪᠦᠰᠡ  ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠥᠷᠲᠡᠭ 100 ᠳ᠋ᠦᠩᠰᠢᠭᠤᠷ ᠲᠦᠭᠦᠷᠢᠭ ᠢ ᠳᠠᠪᠠᠵᠦ᠂ ᠤᠷᠢᠳ ᠬᠤᠵᠢᠳ ︽ᠳᠡᠯᠡᠬᠡᠶ ᠶᠢᠨ ᠨᠠᠷᠢᠮᠦ ᠶᠢᠨ ᠨᠤᠲᠤᠭ︾᠂ ︽ᠪᠥᠬᠦ ᠤᠯᠤᠰ ᠤᠨ ᠰᠢᠶᠠᠨ ᠤ ᠱᠠᠲᠤᠨ ᠤ ᠬᠠᠮᠤᠭ ᠤᠨ ᠶᠡᠭᠡ ᠴᠢᠨᠠᠷ ᠰᠠᠶᠢᠲᠠᠢ ᠨᠠᠷᠢᠮᠤ ᠶᠢᠨ ᠦᠢᠯᠡᠳᠪᠦᠷᠢᠯᠡᠯ ᠤᠨ ᠰᠠᠭᠤᠷᠢᠨ︾ ᠢᠶᠠᠷ ᠴᠤᠯᠠᠯᠠᠭᠳᠠᠵᠦ᠂ ᠤᠳᠤ ᠵᠢᠯ ᠪᠦᠷᠢ ᠶᠢᠨ ᠨᠠᠷᠢᠮᠤ ᠳᠠᠷᠢᠬᠤ ᠲᠠᠯᠠᠪᠠᠶ 100 ᠲᠦᠮᠡᠨ ᠮᠦ ᠳᠤ ᠬᠦᠷᠴᠠᠢ᠃
168.png
          ᠰᠤᠷᠪᠤᠯᠵᠢᠯᠠᠭᠴᠢ ᠸᠠᠩ ᠲᠠᠨ᠎ᠠ ᠰᠡᠬᠦᠳᠡᠷᠯᠡᠪᠡ
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号