︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ︿ᠠᠯᠳᠠᠷ  ᠢᠶᠠᠨ ᠬᠠᠷᠠᠭᠤᠯᠬᠤ﹀ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠤᠯᠠᠮᠵᠢᠯᠠᠨ ᠲᠠᠷᠬᠠᠭᠠᠬᠤ ᠲᠤᠬᠠᠢ
ᠨᠡᠶᠢᠲᠡᠯᠡᠭᠰᠡᠨ ᠴᠠᠭ᠄
2022/5/28
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠰᠤᠬᠤᠨ ᠮᠠᠯᠵᠢᠬᠤ ᠤᠷᠤᠨ ᠤ ᠲᠣᠪᠴᠢᠶ᠎ᠠ ᠳᠤ᠄      ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︵ᠳᠣᠷᠣᠭᠰᠢ ︽ᠤᠯᠤᠰ ᠤᠨ ᠲᠠᠷᠢᠶᠠᠯᠠᠩ ᠤᠨ ᠠᠮᠤᠷ ᠲᠦᠪᠰᠢᠨ ᠤ ᠰᠢᠶᠠᠨ︾ ᠭᠡᠵᠦ ᠲᠣᠪᠴᠢᠯᠠᠨ᠎ᠠ︶ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠨᠳᠥᠷ ᠲᠦᠪᠰᠢᠨ ᠢᠶᠠᠷ ᠬᠢᠨᠠᠨ ᠬᠠᠮᠢᠶᠠᠷᠬᠤ ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠬᠤ ᠶᠢᠨ ᠲᠤᠰᠠᠳᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ︽ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ︿ ᠠᠯᠳᠠᠷ  ᠢᠶᠠᠨ ᠬᠠᠷᠠᠭᠤᠯᠬᠤ ﹀ ᠠᠵᠢᠯ ᠢ ᠴᠢᠩᠭᠠᠳᠬᠠᠬᠤ ᠲᠤᠬᠠᠢ ᠮᠡᠳᠡᠭᠳᠡᠯ ︾ ︵  ᠲᠠᠷᠢᠶᠠᠯᠠᠩ ᠶᠠᠰᠤ ᠴᠢᠨᠠᠷ ᠬᠠᠮᠢᠶᠠᠷᠤᠯᠲᠠ ᠵᠠᠬᠢᠳᠠᠯ ︿ 2022 ﹀ 99 ᠳ᠋ᠦ᠋ᠭᠡᠷ ᠲᠣᠭᠠᠲᠤ ︶ ︶ ᠢ ᠳᠠᠷᠤᠮᠠᠯᠯᠠᠨ ᠲᠠᠷᠬᠠᠭᠠᠵᠤ ᠂ ᠨᠢᠭᠡᠨᠲᠡ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ︿ ᠠᠯᠳᠠᠷ  ᠢᠶᠠᠨ ᠬᠠᠷᠠᠭᠤᠯᠬᠤ ﹀ ᠠᠵᠢᠯ ᠢ ᠥᠷᠨᠢᠭᠦᠯᠪᠡ ᠂ ᠡᠳᠦᠭᠡ ᠤᠯᠠᠮᠵᠢᠯᠠᠨ ᠲᠠᠷᠬᠠᠭᠠᠬᠤ ᠶᠢᠨ ᠬᠠᠮᠲᠤ ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ ᠃      ᠨᠢᠭᠡ ᠳᠤ᠂ ︽ ᠠᠯᠳᠠᠷ  ᠢᠶᠠᠨ ᠬᠠᠷᠠᠭᠤᠯᠬᠤ ︾ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ︿ᠠᠯᠳᠠᠷ  ᠢᠶᠠᠨ ᠬᠠᠷᠠᠭᠤᠯᠬᠤ ﹀ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾︵ᠲᠠᠷᠢᠶᠠᠯᠠᠩ ᠶᠠᠰᠤ ᠴᠢᠨᠠᠷ ᠬᠠᠮᠢᠶᠠᠷᠤᠯᠲᠠ ᠵᠠᠬᠢᠳᠠᠯ ﹇2022﹈ 99 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ︿ᠠᠯᠳᠠᠷ  ᠢᠶᠠᠨ ᠬᠠᠷᠠᠭᠤᠯᠬᠤ ﹀ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠤ ᠲᠤᠰᠬᠠᠢ ᠪᠤᠯᠤᠩ ᠪᠣᠯ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠲᠤᠷᠰᠢᠯᠭ᠎ᠠ ᠠᠷᠭ᠎ᠠ ᠬᠢᠳᠡᠯ ᠢ ᠳᠡᠯᠭᠡᠨ ᠦᠵᠡᠭᠦᠯᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠪᠦᠬᠦᠯᠢ ᠴᠣᠭᠴᠠ ᠶᠢᠨ ᠨᠠᠷᠠᠲᠤ ᠲᠡᠮᠳᠡᠭ ᠢ ᠪᠣᠶ ᠪᠣᠯᠭᠠᠵᠤ᠂ ᠠᠮᠤᠷ ᠲᠦᠪᠰᠢᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤ ᠪᠦᠲᠦᠭᠡᠭᠳᠡᠬᠦᠨ ᠢ ᠲᠠᠨᠢᠯᠴᠠᠭᠤᠯᠬᠤ ᠪᠦᠲᠦᠮᠵᠢᠲᠡᠶ ᠲᠠᠪᠴᠠᠩ ᠪᠣᠯᠣᠨ᠎ᠠ᠃ ᠡᠯ᠎ᠡ ᠠᠶᠢᠮᠠᠭ ᠬᠤᠲᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠲᠠᠪᠴᠠᠩ ᠢ ᠰᠠᠶᠢᠲᠤᠷ ᠠᠰᠢᠭᠯᠠᠨ᠂ ᠢᠳᠡᠪᠬᠢᠲᠡᠢ ᠪᠠᠷ ᠡᠬᠡ ᠪᠢᠴᠢᠭ ᠬᠠᠩᠭᠠᠵᠤ᠂ ᠮᠠᠨ ᠤ ᠣᠷᠣᠨ ᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠰᠠᠶᠢᠨ ᠠᠷᠭ᠎ᠠ ᠬᠢᠳᠡᠯ ᠂ ᠰᠢᠯᠢᠳᠡᠭ ᠪᠦᠲᠦᠭᠡᠭᠳᠡᠬᠦᠨ ᠢ ᠤᠬᠠᠭᠤᠯᠵᠤ ᠭᠠᠷᠭᠠᠬᠤ ᠬᠡᠷᠡᠭᠲᠡᠢ᠃ ᠡᠭᠦᠨ ᠤ ᠬᠠᠮᠲᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠠᠨ ᠵᠦᠢᠯ ᠤᠨ ᠬᠡᠯᠪᠡᠷᠢ ᠪᠠᠷ ︽ᠠᠯᠳᠠᠷ  ᠢᠶᠠᠨ ᠬᠠᠷᠠᠭᠤᠯᠬᠤ ︾ ᠠᠵᠢᠯ ᠢ ᠥᠷᠨᠢᠭᠦᠯᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃      ᠬᠤᠶᠠᠷ ᠲᠤ ᠂ ᠮᠡᠳᠡᠭᠦᠯᠦᠨ ᠬᠦᠷᠭᠡᠬᠦ ᠶᠠᠰᠤ ᠴᠢᠨᠠᠷ ᠢ ᠴᠢᠬᠤᠯᠠᠴᠢᠯᠠᠬᠤ ᠬᠡᠷᠡᠭᠲᠡᠢ᠃ ᠡᠯ᠎ᠡ ᠭᠠᠵᠠᠷ ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠦᠷ᠎ᠡ ᠪᠦᠲᠦᠮᠵᠢ ᠶᠢᠨ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠬᠢᠯᠠᠰ ᠴᠡᠭ ᠲᠠᠢ ᠠᠵᠢᠯ ᠪᠠ ᠲᠡᠷᠢᠭᠦᠨ ᠤ ᠬᠢᠳᠡᠯ ᠢ ᠡᠮᠬᠢᠯᠡᠬᠦ ᠶᠢᠨ ᠬᠠᠮᠲᠤ ᠥᠰᠥᠭ ᠪᠢᠴᠢᠭ ᠤᠨ ᠮᠠᠲ᠋ᠧᠷᠢᠶᠠᠯ ᠢ ᠪᠦᠷᠢᠯᠳᠦᠭᠦᠯᠵᠦ᠂ ᠭᠤᠣᠯ ᠤᠳᠤᠷᠢᠳᠤᠯᠭ᠎ᠠ ᠪᠠᠷ ᠢᠶᠠᠨ ᠬᠢᠨᠠᠭᠤᠯᠤᠨ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃ ᠮᠠᠨ ᠤ ᠲᠢᠩᠬᠢᠮ ᠠᠴᠠ ᠰᠢᠯᠢᠳᠡᠭ ᠢ ᠨᠢ ᠰᠣᠩᠭᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨᠠᠨ ᠬᠠᠮᠢᠶᠠᠷᠬᠤ ᠵᠤᠷᠭᠠᠨ ᠳᠤ ᠮᠡᠳᠡᠭᠦᠯᠦᠨ ᠬᠦᠷᠭᠡᠬᠦ ᠪᠤᠶᠤ ᠲᠠᠷᠢᠶᠠᠴᠢᠨ ᠤ ᠡᠳᠦᠷ ᠤᠨ ᠰᠣᠨᠢᠨ ᠵᠡᠷᠭᠡ ᠵᠠᠭᠤᠴᠢᠯᠠᠭᠤᠷ ᠲᠤ ᠲᠠᠨᠢᠯᠴᠠᠭᠤᠯᠵᠤ ᠢᠯᠡ ᠪᠠᠷ ᠤᠬᠠᠭᠤᠯᠤᠨ ᠮᠡᠳᠡᠭᠡᠯᠡᠬᠦ ᠶᠢᠨ ᠬᠠᠮᠲᠤ ᠵᠢᠯ ᠤᠨ ᠡᠴᠦᠰ ᠤᠨ ᠡᠯ᠎ᠡ ᠵᠦᠢᠯ ᠤᠨ ᠬᠢᠨᠠᠨ ᠰᠢᠯᠭᠠᠯᠲᠠ ᠶᠢᠨ ᠬᠤᠪᠢ ᠨᠡᠮᠡᠬᠦ ᠵᠦᠢᠯ ᠪᠣᠯᠭᠠᠨ᠎ᠠ᠃      ᠭᠤᠷᠪᠠ ᠳᠤ ᠂ ᠦᠷ᠎ᠡ ᠪᠦᠲᠦᠮᠵᠢ ᠶᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ ᠃ ᠡᠯ᠎ᠡ ᠠᠶᠢᠮᠠᠭ ᠬᠤᠲᠠ ᠨᠤᠭᠤᠳ ︽  ᠡᠷᠭᠢᠵᠦ ᠬᠠᠷᠠᠬᠤ ︾  ᠠᠵᠢᠯ ᠲᠠᠢ ᠤᠶᠠᠯᠳᠤᠭᠤᠯᠤᠨ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ ᠰᠢᠶᠠᠨ ᠳᠤ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠦᠷᠦᠯᠴᠡᠬᠦ ᠦᠭᠡᠢ ᠲᠠᠯ᠎ᠠ ᠪᠠᠨ ᠲᠠᠰᠤᠷᠠᠯᠲᠠ ᠦᠭᠡᠢ ᠢᠯᠡᠷᠡᠭᠦᠯᠬᠦ ᠶᠢᠨ ᠬᠠᠮᠲᠤ ᠬᠠᠯᠠᠨ ᠰᠠᠶᠢᠵᠢᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠨᠡᠶᠢᠲᠡᠯᠢᠭ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠢᠯᠡᠳᠲᠡ ᠦᠷ᠎ᠡ ᠪᠦᠲᠦᠮᠵᠢ ᠣᠯᠬᠤ ᠶᠢ  ᠦᠨᠡᠨ ᠬᠦ ᠪᠠᠲᠤᠯᠠᠬᠤ ᠬᠡᠷᠡᠭᠲᠡᠢ᠃      ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠨᠤᠭᠤᠳ ᠨᠢᠭᠡᠨᠲᠡ ᠨᠡᠷᠡᠶᠢᠳᠦᠭᠰᠡᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠲᠣᠪᠴᠢ ᠪᠠᠶᠢᠳᠠᠯ ᠤᠨ ᠲᠠᠨᠢᠯᠴᠠᠭᠤᠯᠭ᠎ᠠ ︵1500 ᠥᠰᠥᠭ ᠠᠴᠠ ᠬᠡᠲᠦᠷᠡᠬᠦ ᠦᠭᠡᠢ︶ ᠶᠢ ᠴᠤᠭᠯᠠᠭᠤᠯᠵᠤ᠂ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ 5 ᠰᠠᠷ᠎ᠠ ᠶᠢᠨ 27 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃      ᠬᠠᠷᠢᠯᠴᠠᠬᠤ ᠬᠥᠮᠥᠨ᠄ ᠾᠧᠦ ᠱᠤᠸᠠᠢ       ᠬᠠᠷᠢᠯᠴᠠᠬᠤ ᠤᠲᠠᠰᠤ᠄ 0471 - 6652285                         ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                    2022 ᠣᠨ ᠤ 5 ᠰᠠᠷ᠎ᠠ ᠶᠢᠨ 25 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号