ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠪᠠ ᠣᠭᠲᠣᠯᠣᠭᠠᠰᠤ ᠦᠶᠯᠡᠳᠬᠦ ᠨᠢᠭᠡᠴᠢ ᠶᠢ ᠡᠯᠰᠡᠬᠦ  ᠴᠤᠭᠯᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/5/28
ᠡᠯ᠎ᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ᠄      ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ﹇2022﹈ 4 ᠳ᠋ᠦ᠋ᠭᠡᠷ ᠲᠣᠭᠠᠲᠤ︶᠂ ᠤᠯᠤᠰ ᠤᠨ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠥᠯ︾ ︵ᠲᠠᠷᠢᠶᠠᠯᠠᠩ ᠪᠦᠲᠦᠭᠡᠨ ᠪᠠᠶᠢᠭᠤᠯᠤᠯᠲᠠ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ︶ ᠪᠣᠯᠣᠨ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠪᠠ ᠣᠭᠲᠣᠯᠣᠭᠠᠰᠤ ᠶᠢᠨ ᠥᠯᠢᠭᠡᠷ ᠠᠪᠬᠤ ᠶᠢ ᠵᠢᠷᠤᠮᠵᠢᠭᠤᠯᠤᠨ ᠶᠠᠪᠤᠭᠳᠠᠭᠤᠯᠬᠤ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠳᠣᠲᠣᠷ᠎ᠠ ᠠᠴᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠪᠠ ᠣᠭᠲᠣᠯᠣᠭᠠᠰᠤ ᠶᠢᠨ ᠥᠯᠢᠭᠡᠷ ᠠᠪᠬᠤ ᠳᠤ ᠣᠷᠤᠯᠴᠠᠬᠤ ᠬᠠᠮᠢᠶ᠎ᠠ ᠪᠦᠬᠦᠢ ᠴᠢᠳᠠᠪᠤᠷᠢ ᠲᠠᠢ ᠨᠢᠭᠡ ᠪᠦᠯᠦᠭ ᠨᠢᠭᠡᠴᠢ ᠶᠢ ᠡᠯᠰᠡᠨ ᠴᠤᠭᠯᠠᠭᠤᠯᠵᠤ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠬᠠᠮᠲᠤᠷᠠᠨ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠡᠭᠦᠷᠭᠡᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠨᠢᠭᠡᠳᠦᠯᠲᠡᠢ ᠮᠡᠷᠭᠡᠵᠢᠯ ᠤᠨ ᠵᠢᠷᠤᠮᠵᠢᠯ ᠪᠠ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠬᠠᠢ ᠶᠢᠨ ᠭᠠᠵᠠᠷ ᠲᠤ  ᠨᠢ ᠪᠠᠶᠢᠴᠠᠭᠠᠯᠲᠠ ᠬᠢᠵᠦ ᠥᠯᠢᠭᠡᠷ ᠡᠳ᠋ ᠠᠪᠬᠤ ᠶᠢ ᠥᠷᠨᠢᠭᠦᠯᠵᠦ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠲᠤᠰᠢᠶᠠᠵᠤ᠂ ᠬᠥᠷᠥᠰᠥ ᠰᠢᠷᠣᠢ ᠶᠢᠨ ᠥᠯᠢᠭᠡᠷ ᠡᠳ᠋ ᠪᠠ ᠣᠭᠲᠣᠯᠣᠭᠠᠰᠤ ᠶᠢᠨ ᠥᠯᠢᠭᠡᠷ ᠡᠳ᠋ ᠢ ᠬᠠᠳᠠᠭᠠᠯᠠᠬᠤ᠂ ᠳᠠᠮᠵᠢᠭᠤᠯᠤᠨ ᠵᠦᠭᠡᠭᠡᠪᠦᠷᠢᠯᠡᠨ᠎ᠡ᠃ ᠪᠣᠳᠠᠲᠠᠢ ᠠᠵᠢᠯ ᠤᠨ ᠠᠭᠤᠯᠭ᠎ᠠ ᠨᠢ ᠳᠣᠣᠷᠠᠬᠢ ᠮᠡᠲᠦ᠄      ︵ᠨᠢᠭᠡ︶ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠢ ᠪᠠᠶᠢᠴᠠᠭᠠᠬᠤ᠃ ᠡᠭᠦᠨ ᠳᠤ ᠬᠡᠭᠡᠷ᠎ᠡ ᠶᠢᠨ ᠥᠯᠢᠭᠡᠷ ᠶᠠᠩᠵᠤ ᠠᠪᠬᠤ ᠴᠡᠭ ᠤᠨ ᠣᠷᠣᠨ ᠵᠠᠢ ᠶᠢᠨ ᠣᠷᠣᠨ ᠪᠠᠶᠢᠷᠢ᠂ ᠭᠠᠵᠠᠷ ᠤᠨ ᠭᠠᠳᠠᠷᠭᠤ ᠶᠢᠨ ᠠᠰᠢᠭᠯᠠᠯᠲᠠ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠵᠡᠷᠭᠡ ᠪᠠᠶᠢᠭᠠᠯᠢ ᠶᠢᠨ ᠦᠵᠡᠮᠵᠢ ᠪᠠ ᠵᠣᠷᠢᠭᠤᠳᠠ ᠶᠢᠨ ᠨᠥᠯᠥᠭᠡ ᠵᠡᠷᠭᠡ ᠰᠠᠭᠤᠷᠢ ᠮᠡᠳᠡᠭᠡ ᠵᠠᠩᠭᠢ ᠶᠢ ᠪᠠᠭᠲᠠᠭᠠᠵᠤ᠂ ᠭᠤᠣᠯᠳᠠᠭᠤ ᠬᠡᠭᠡᠷ᠎ᠡ ᠶᠢᠨ ᠪᠠᠶᠢᠴᠠᠭᠠᠯᠲᠠ ᠶᠢᠨ ᠬᠥᠷᠥᠰᠥᠨ ᠤ ᠥᠯᠢᠭᠡᠷ ᠶᠠᠩᠵᠤ ᠠᠪᠬᠤ ᠴᠡᠭ ᠤᠨ ᠪᠠᠶᠢᠭ᠎ᠠ ᠭᠠᠵᠠᠷ ᠣᠷᠣᠨ ᠤ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠤᠷᠭᠤᠮᠠᠯ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡᠨ ᠤ ᠰᠠᠭᠤᠷᠢ ᠲᠦᠬᠦᠭᠡᠷᠦᠮᠵᠢ ᠶᠢᠨ ᠨᠥᠬᠦᠴᠡᠯ᠂ ᠳᠠᠷᠢᠬᠤ ᠳᠦᠷᠢᠮ᠂ ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠲᠦᠪᠰᠢᠨ ᠵᠡᠷᠭᠡ ᠶᠢ ᠪᠠᠶᠢᠴᠠᠭᠠᠨ᠎ᠠ᠃      ︵ᠬᠤᠶᠠᠷ︶ ᠲᠠᠷᠢᠶᠠᠨ ᠭᠠᠵᠠᠷ ᠤᠨ ᠬᠦᠷᠢᠶᠡᠯᠡᠩ ᠤᠨ ᠥᠩᠭᠡᠨ ᠳᠠᠪᠬᠤᠷᠭ᠎ᠠ ᠶᠢᠨ ᠬᠥᠷᠥᠰᠥᠨ ᠠᠴᠠ ᠥᠯᠢᠭᠡᠷ ᠠᠪᠬᠤ᠃ ᠨᠢᠭᠡᠳᠦᠯᠲᠡᠢ ᠪᠠᠶᠢᠷᠢᠯᠠᠭᠤᠯᠤᠭᠰᠠᠨ ᠥᠯᠢᠭᠡᠷ ᠶᠠᠩᠵᠤ ᠪᠠ ᠪᠠᠶᠢᠴᠠᠭᠠᠯᠲᠠ ᠶᠢᠨ ᠡᠭᠦᠷᠭᠡ ᠶᠢ ᠦᠨᠳᠦᠰᠦᠯᠡᠨ᠂ ᠲᠠᠷᠢᠶᠠᠨ ᠭᠠᠵᠠᠷ᠂ ᠴᠡᠴᠡᠷᠯᠢᠭ ᠵᠡᠷᠭᠡ ᠥᠯᠢᠭᠡᠷ ᠠᠪᠬᠤ ᠴᠡᠭ ᠤᠨ ︽ᠡᠯᠧᠺᠲᠷᠣᠨ ᠬᠡᠷᠡᠰᠭᠡ ︾ ᠶᠢᠨ ᠬᠡᠪᠴᠢᠶᠡᠨ ᠳᠣᠲᠣᠷ᠎ᠠ ᠥᠩᠭᠡᠨ ᠳᠠᠪᠬᠤᠷᠭ᠎ᠠ ᠶᠢᠨ ᠬᠤᠯᠢᠮᠠᠭ ᠰᠢᠷᠣᠢ ᠶᠢᠨ ᠥᠯᠢᠭᠡᠷ ᠶᠠᠩᠵᠤ ᠶᠢ ᠴᠤᠭᠯᠠᠭᠤᠯᠬᠤ ᠶᠢ ᠬᠠᠷᠢᠭᠤᠴᠠᠨ᠎ᠠ᠃ ᠥᠯᠢᠭᠡᠷ ᠠᠪᠬᠤ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ ᠪᠠᠶᠢᠳᠠᠯ᠂ ᠠᠮᠢᠳᠤ ᠪᠣᠳᠠᠰ ᠤᠨ ᠰᠢᠨᠵᠢ ᠪᠠᠶᠢᠳᠠᠯ ᠤᠨ ᠭᠦᠢᠴᠡᠳᠬᠡᠯ ᠲᠤᠭ᠎ᠠ ᠳᠤ ᠦᠨᠡᠯᠡᠨ ᠵᠠᠳᠠᠯᠤᠯᠲᠠ ᠬᠢᠵᠦ᠂ ᠬᠥᠷᠥᠰᠥ ᠰᠢᠷᠣᠢ ᠶᠢᠨ ᠲᠥᠷᠥᠯ ᠬᠡᠯᠪᠡᠷᠢ ᠪᠠ ᠵᠠᠭᠠᠭ ᠬᠢᠵᠠᠭᠠᠷ ᠢ ᠬᠢᠨᠠᠨ ᠬᠠᠷᠭᠤᠭᠤᠯᠵᠤ ᠲᠡᠭᠦᠯᠳᠡᠷᠵᠢᠭᠦᠯᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠨ ᠵᠠᠳᠠᠯᠬᠤ ᠵᠡᠷᠭᠡ ᠶᠢ ᠬᠢᠨᠠᠨ ᠬᠠᠷᠭᠤᠭᠤᠯᠤᠨ᠎ᠠ ᠃      ︵ᠭᠤᠷᠪᠠ︶ ᠣᠶ ᠰᠢᠭᠤᠢ ᠡᠪᠡᠰᠦᠲᠦ ᠭᠠᠵᠠᠷ ᠤᠨ ᠥᠩᠭᠡᠨ ᠳᠠᠪᠬᠤᠷᠭ᠎ᠠ ᠶᠢᠨ ᠬᠥᠷᠥᠰᠥᠨ ᠠᠴᠠ ᠥᠯᠢᠭᠡᠷ ᠠᠪᠬᠤ᠃ ᠨᠢᠭᠡᠳᠦᠯᠲᠡᠢ ᠪᠠᠶᠢᠷᠢᠯᠠᠭᠤᠯᠤᠭᠰᠠᠨ ᠦᠯᠢᠭᠡᠷ ᠶᠠᠩᠵᠤ ᠪᠠ ᠪᠠᠶᠢᠴᠠᠭᠠᠬᠤ ᠡᠭᠦᠷᠭᠡ ᠶᠢ ᠦᠨᠳᠦᠰᠦᠯᠡᠵᠦ᠂ ᠣᠶ ᠰᠢᠭᠤᠢ ᠡᠪᠡᠰᠦᠲᠦ ᠭᠠᠵᠠᠷ ᠤᠨ ᠬᠥᠷᠥᠰᠥ ᠰᠢᠷᠣᠢ ᠶᠢᠨ ᠬᠡᠭᠡᠷ᠎ᠡ ᠭᠠᠳᠠᠨ᠎ᠠ ᠪᠠᠶᠢᠴᠠᠭᠠᠯᠲᠠ ᠬᠢᠵᠦ ᠥᠯᠢᠭᠡᠷ ᠠᠪᠬᠤ ᠶᠢ ᠬᠠᠷᠢᠭᠤᠴᠠᠵᠤ᠂ ᠬᠥᠷᠥᠰᠥ ᠰᠢᠷᠣᠢ ᠶᠢᠨ ᠲᠥᠷᠥᠯ ᠬᠡᠯᠪᠡᠷᠢ ᠪᠠ ᠬᠢᠯᠢ ᠶᠢᠨ ᠵᠠᠭᠠᠭ ᠢ ᠬᠢᠨᠠᠨ ᠬᠠᠷᠭᠤᠭᠤᠯᠵᠤ ᠲᠡᠭᠦᠯᠳᠡᠷᠵᠢᠭᠦᠯᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠨ ᠵᠠᠳᠠᠯᠬᠤ ᠵᠡᠷᠭᠡ ᠶᠢ ᠬᠠᠷᠢᠭᠤᠴᠠᠨ᠎ᠠ᠃      ︵ᠳᠥᠷᠪᠡ︶ ᠣᠭᠲᠣᠯᠣᠭᠠᠰᠤ ᠶᠢᠨ ᠬᠥᠷᠥᠰᠥ ᠰᠢᠷᠣᠢ ᠶᠢ ᠴᠤᠭᠯᠠᠭᠤᠯᠬᠤ ᠃ ᠨᠢᠭᠡᠳᠦᠯᠲᠡᠢ ᠪᠠᠶᠢᠷᠢᠯᠠᠭᠤᠯᠤᠭᠰᠠᠨ ᠥᠯᠢᠭᠡᠷ ᠠᠪᠬᠤ ᠴᠡᠭ ᠪᠠ ᠪᠠᠶᠢᠴᠠᠭᠠᠬᠤ ᠡᠭᠦᠷᠭᠡ ᠶᠢ ᠦᠨᠳᠦᠰᠦᠯᠡᠨ᠂ ᠣᠭᠲᠣᠯᠣᠭᠠᠰᠤ ᠶᠢᠨ ᠥᠯᠢᠭᠡᠷ ᠠᠤᠬᠤ ᠴᠡᠭ ᠤᠨ ᠥᠯᠢᠭᠡᠷ ᠠᠪᠬᠤ ᠪᠠᠶᠢᠷᠢ ᠶᠢ ᠨᠤᠲᠠᠯᠠᠨ ᠲᠣᠭᠲᠠᠭᠠᠵᠤ᠂ ᠪᠠᠷᠢᠮᠵᠢᠶᠠᠲᠤ ᠣᠭᠲᠣᠯᠣᠭᠠᠰᠤ ᠶᠢ ᠠᠭᠤᠳᠠᠯᠤᠨ᠂ ᠬᠥᠷᠥᠰᠥᠨ ᠤ ᠡᠭᠦᠰᠦᠯᠲᠡ ᠶᠢᠨ ᠳᠠᠪᠬᠤᠷᠭ᠎ᠠ ᠶᠢ ᠬᠤᠪᠢᠶᠠᠷᠢᠯᠠᠨ ᠨᠡᠷᠡᠶᠢᠳᠴᠦ᠂ ᠬᠥᠷᠥᠰᠥᠨ ᠤ ᠪᠡᠶ᠎ᠡ ᠶᠢᠨ ᠬᠡᠷᠡᠯ ᠵᠢᠷᠤᠭ ᠢ ᠰᠡᠭᠦᠳᠡᠷᠯᠡᠨ᠂ ᠡᠭᠦᠰᠦᠯᠲᠡ ᠶᠢᠨ ᠳᠠᠪᠬᠤᠷᠭ᠎ᠠ ᠶᠢᠨ ᠬᠡᠯᠪᠡᠷᠢ ᠳᠦᠷᠰᠦ ᠶᠢᠨ ᠤᠬᠠᠭᠠᠨ ᠤ ᠣᠨᠴᠠᠯᠢᠭ ᠢ ᠲᠡᠮᠳᠡᠭᠯᠡᠵᠦ᠂ ᠬᠡᠭᠡᠷ᠎ᠡ ᠭᠠᠳᠠᠨ᠎ᠠ ᠬᠥᠷᠥᠰᠥᠨ ᠤ ᠲᠥᠷᠥᠯ ᠵᠦᠢᠯ ᠢ ᠮᠠᠭᠠᠳᠯᠠᠵᠤ᠂ ᠡᠯ᠎ᠡ ᠲᠥᠷᠥᠯ ᠤᠨ ᠬᠥᠷᠥᠰᠥᠨ ᠤ ᠵᠠᠳᠠᠯᠤᠯᠲᠠ ᠶᠢᠨ ᠥᠯᠢᠭᠡᠷ ᠡᠳ᠋᠂ ᠴᠠᠭᠠᠰᠤᠨ ᠬᠠᠶᠢᠷᠴᠠᠭ ᠤᠨ ᠥᠯᠢᠭᠡᠷ ᠡᠳ᠋ ᠪᠠ ᠨᠡᠶᠢᠲᠡᠯᠢᠭ ᠪᠦᠬᠦᠯᠢ ᠬᠡᠰᠡᠭ ᠤᠨ ᠥᠯᠢᠭᠡᠷ ᠡᠳ᠋ ᠢ ᠴᠤᠭᠯᠠᠭᠤᠯᠤᠨ᠎ᠠ᠃      ᠬᠤᠶᠠᠷ᠂ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠨᠢᠭᠡᠴᠢ ᠶᠢᠨ ᠨᠥᠬᠦᠴᠡᠯ ᠱᠠᠭᠠᠷᠳᠠᠯᠭ᠎ᠠ      ︵ᠨᠢᠭᠡ︶ ᠦᠨᠳᠦᠰᠦᠨ ᠬᠢᠷᠢ ᠬᠡᠮ ᠤᠨ ᠨᠥᠬᠦᠴᠡᠯ᠃ ᠭᠤᠶᠤᠴᠢᠯᠠᠭᠰᠠᠨ ᠨᠢᠭᠡᠴᠢ ᠨᠢ ᠥᠪᠥᠷ ᠮᠣᠩᠭᠤᠯ ᠤᠨ ᠬᠡᠪᠴᠢᠶᠡᠨ ᠳᠤ ᠬᠠᠤᠯᠢ ᠶᠣᠰᠣᠭᠠᠷ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠᠶᠢᠵᠤ ᠂ ᠪᠡᠶ᠎ᠡ ᠪᠠᠨ ᠳᠠᠭᠠᠭᠠᠵᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠵᠦ ᠳᠡᠶᠢᠯᠬᠦ ᠬᠠᠤᠯᠢ ᠶᠢᠨ ᠡᠷᠬᠡᠲᠡᠨ ᠨᠢᠭᠡᠴᠢ ᠪᠠᠶᠢᠬᠤ ᠬᠡᠷᠡᠭᠲᠡᠢ ᠃ ᠬᠥᠷᠥᠰᠥ ᠰᠢᠷᠣᠢ ᠶᠢᠨ ᠤᠬᠠᠭᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠢᠨᠵᠢᠯᠡᠭᠡᠨ ᠤ ᠰᠠᠯᠠᠭ᠎ᠠ ᠲᠠᠢ᠂ ᠬᠥᠷᠥᠰᠥ ᠰᠢᠷᠣᠢ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠪᠠᠶᠢᠴᠠᠭᠠᠯᠲᠠ ᠶᠢᠨ ᠠᠵᠢᠯ ᠤᠨ ᠲᠤᠷᠰᠢᠯᠭ᠎ᠠ ᠪᠤᠶᠤ ᠠᠵᠢᠯ ᠤᠨ ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ ᠃ ᠪᠠᠶᠢᠴᠠᠭᠠᠯᠲᠠ ᠶᠢᠨ ᠥᠯᠢᠭᠡᠷ ᠠᠪᠬᠤ ᠡᠭᠦᠷᠭᠡ ᠶᠢ ᠪᠡᠶ᠎ᠡ ᠪᠠᠨ ᠳᠠᠭᠠᠭᠠᠨ ᠡᠭᠦᠷᠭᠡᠯᠡᠵᠦ ᠳᠡᠶᠢᠯᠬᠦ ᠬᠡᠷᠡᠭᠲᠡᠢ ᠂ ᠬᠤᠪᠢᠶᠠᠨ ᠳᠠᠭᠠᠭᠠᠴᠢᠯᠠᠭᠤᠯᠬᠤ ᠪᠠ ᠰᠢᠯᠵᠢᠭᠦᠯᠦᠨ ᠳᠠᠭᠠᠭᠠᠴᠢᠯᠠᠭᠤᠯᠵᠤ ᠪᠣᠯᠬᠤ ᠦᠭᠡᠢ᠂ ᠬᠠᠮᠲᠤᠷᠠᠨ ᠮᠡᠳᠡᠭᠦᠯᠬᠦ ᠶᠢ ᠭᠥᠯᠢᠶᠡᠨ ᠠᠪᠬᠤ ᠦᠭᠡᠢ᠃      ︵ᠬᠤᠶᠠᠷ︶ ᠲᠤᠰᠬᠠᠢ ᠮᠡᠷᠭᠡᠵᠢᠯ ᠤᠨ ᠠᠵᠢᠯᠲᠠᠨ ᠤ ᠡᠩᠨᠡᠭᠡ᠃ ᠬᠥᠷᠥᠰᠥ ᠰᠢᠷᠣᠢ ᠶᠢᠨ ᠰᠤᠳᠤᠯᠭᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ︵ᠳᠡᠳ᠋ ᠫᠷᠤᠹᠧᠰᠰᠤᠷ ᠠᠴᠠ ᠳᠡᠭᠡᠭᠰᠢ︶ ᠠᠵᠢᠯᠲᠠᠨ 10 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠂ ᠭᠠᠳᠠᠭᠠᠳᠤ ᠤᠷᠴᠢᠨ ᠤ ᠪᠠᠶᠢᠴᠠᠭᠠᠯᠲᠠ ᠳᠤ ᠰᠢᠭᠤᠳ ᠣᠷᠣᠯᠴᠠᠵᠤ ᠥᠯᠢᠭᠡᠷ ᠠᠪᠬᠤ ᠨᠢᠭᠡᠴᠢ ᠳᠤ ᠬᠥᠷᠥᠰᠥ ᠰᠢᠷᠣᠢ ᠶᠢᠨ ᠰᠤᠳᠤᠯᠤᠯ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ 20 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠃ ᠪᠠᠶᠢᠴᠠᠭᠠᠯᠲᠠ ᠬᠢᠵᠦ ᠦᠯᠢᠭᠡᠷ ᠠᠪᠬᠤ ᠡᠩᠨᠡᠭᠡ ᠨᠢ ᠬᠥᠷᠥᠰᠥ ᠰᠢᠷᠣᠢ ᠶᠢᠨ ᠣᠭᠲᠣᠯᠣᠭᠠᠰᠤ ᠪᠠ ᠥᠩᠭᠡᠨ ᠳᠠᠪᠬᠤᠷᠭ᠎ᠠ ᠶᠢᠨ ᠬᠥᠷᠥᠰᠥ ᠰᠢᠷᠣᠢ ᠶᠢᠨ ᠪᠠᠶᠢᠴᠠᠭᠠᠯᠲᠠ ᠶᠢᠨ ᠦᠯᠢᠭᠡᠷ ᠠᠪᠬᠤ ᠵᠢᠴᠢ ᠬᠥᠷᠥᠰᠥ ᠰᠢᠷᠣᠢ ᠶᠢ ᠲᠥᠷᠥᠯ ᠬᠤᠪᠢᠶᠠᠬᠤ ᠪᠠ ᠵᠢᠷᠤᠭ ᠵᠢᠷᠤᠬᠤ ᠠᠵᠢᠯ ᠢ ᠪᠣᠯᠪᠠᠰᠤᠷᠠᠩᠭᠤᠢ ᠥᠷᠨᠢᠭᠦᠯᠵᠦ ᠴᠢᠳᠠᠬᠤ ᠬᠡᠷᠡᠭᠲᠡᠢ᠃ ᠬᠥᠷᠥᠰᠥ ᠰᠢᠷᠣᠢ ᠶᠢᠨ ᠰᠤᠳᠤᠯᠤᠯ ᠤᠨ ᠲᠤᠰᠬᠠᠢ ᠮᠡᠷᠭᠡᠵᠢᠯ ᠤᠨ ᠠᠵᠢᠯᠲᠠᠳ ᠬᠥᠷᠥᠰᠥ ᠰᠢᠷᠣᠢ ᠶᠢᠨ ᠡᠭᠦᠰᠦᠯ ᠤᠨ ᠤᠬᠠᠭᠠᠨ ᠤ ᠣᠨᠣᠯ ᠪᠠ ᠬᠥᠷᠥᠰᠥ ᠰᠢᠷᠣᠢ ᠶᠢᠨ ᠰᠢᠰᠲ᠋ᠧᠮ ᠤᠨ ᠲᠥᠷᠥᠯ ᠬᠤᠪᠢᠶᠠᠬᠤ ᠠᠷᠭ᠎ᠠ ᠶᠢ ᠪᠣᠯᠪᠠᠰᠤᠷᠠᠩᠭᠤᠢ ᠬᠡᠷᠡᠭᠯᠡᠵᠦ᠂ ᠬᠥᠷᠥᠰᠥ ᠰᠢᠷᠣᠢ ᠶᠢᠨ ᠣᠭᠲᠣᠯᠣᠭᠠᠰᠤ ᠶᠢᠨ ᠣᠨᠣᠰᠢᠯᠠᠯᠲᠠ᠂ ᠬᠡᠯᠪᠡᠷᠢ ᠳᠦᠷᠰᠦ ᠶᠢᠨ ᠳᠦᠷᠰᠦᠯᠡᠯ᠂ ᠲᠠᠰ ᠳᠠᠪᠬᠤᠷᠭ᠎ᠠ ᠶᠢᠨ ᠬᠤᠪᠢᠶᠠᠷᠢᠯᠠᠯ᠂ ᠥᠯᠢᠭᠡᠷ ᠡᠳ᠋ ᠴᠤᠭᠯᠠᠭᠤᠯᠬᠤ᠂ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠬᠢᠨᠠᠨ ᠲᠣᠭᠲᠠᠭᠠᠯᠲᠠ ᠵᠢᠴᠢ ᠬᠥᠷᠥᠰᠥ ᠰᠢᠷᠣᠢ ᠶᠢᠨ ᠵᠢᠷᠤᠭ ᠵᠢᠷᠤᠬᠤ ᠵᠡᠷᠭᠡ ᠠᠵᠢᠯ ᠢ ᠪᠡᠶ᠎ᠡ ᠪᠠᠨ ᠳᠠᠭᠠᠭᠠᠨ  ᠦᠷᠨᠢᠭᠦᠯᠵᠦ ᠴᠢᠳᠠᠬᠤ ᠬᠡᠷᠡᠭᠲᠡᠢ᠃ ᠪᠤᠰᠤᠳ ᠬᠥᠮᠥᠰ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ ᠪᠠ ᠬᠥᠷᠥᠰᠥ ᠰᠢᠷᠣᠢ ᠶᠢᠨ ᠭᠤᠣᠯ ᠠᠰᠢᠭᠯᠠᠯᠲᠠ ᠶᠢᠨ ᠠᠷᠭ᠎ᠠ ᠮᠠᠶ᠋ᠢᠭ ᠢ ᠣᠶᠢᠯᠠᠭᠠᠵᠤ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠵᠢᠷᠤᠮᠵᠢᠯ ᠢ ᠦᠨᠳᠦᠰᠦᠯᠡᠨ ᠬᠥᠷᠥᠰᠥ ᠰᠢᠷᠣᠢ ᠶᠢᠨ ᠥᠯᠢᠭᠡᠷ ᠡᠳ᠋ ᠢ ᠴᠤᠭᠯᠠᠭᠤᠯᠬᠤ ᠶᠢ ᠪᠡᠶᠡᠯᠡᠭᠦᠯᠬᠦ ᠶᠢᠨ ᠬᠠᠮᠲᠤ ᠬᠥᠷᠥᠰᠥ ᠰᠢᠷᠣᠢ ᠶᠢᠨ ᠥᠯᠢᠭᠡᠷ ᠡᠳ᠋ ᠢ ᠪᠠᠷᠢᠮᠵᠢᠶᠠᠵᠢᠭᠤᠯᠤᠨ ᠪᠣᠭᠤᠳᠠᠯᠯᠠᠬᠤ ᠪᠠ ᠵᠦᠭᠡᠭᠡᠪᠦᠷᠢᠯᠡᠬᠦ ᠂ ᠥᠯᠢᠭᠡᠷ ᠡᠳ᠋ ᠤᠨ ᠳᠣᠲᠣᠷ᠎ᠠ ᠭᠠᠳᠠᠨᠠᠬᠢ ᠠᠵᠢᠯ ᠢ ᠲᠤᠰᠢᠶᠠᠬᠤ ᠪᠠ ᠭᠥᠯᠢᠶᠡᠨ ᠠᠪᠬᠤ ᠵᠡᠷᠭᠡ ᠠᠵᠢᠯ ᠤᠨ ᠶᠠᠪᠤᠴᠠ ᠶᠢ ᠣᠶᠢᠯᠠᠭᠠᠬᠤ ᠬᠡᠷᠡᠭᠲᠡᠢ᠃ ᠪᠠᠶᠢᠴᠠᠭᠠᠯᠲᠠ ᠶᠢᠨ ᠦᠯᠢᠭᠡᠷ ᠠᠪᠬᠤ ᠬᠤᠭᠤᠴᠠᠭᠠᠨ ᠳᠤ ᠪᠠᠶᠢᠴᠠᠭᠠᠯᠲᠠ ᠶᠢᠨ ᠦᠯᠢᠭᠡᠷ ᠠᠪᠬᠤ ᠬᠥᠮᠥᠰ ᠤᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃      ︵ ᠭᠤᠷᠪᠠ ︶ ᠠᠵᠢᠯ ᠤᠨ ᠠᠮᠵᠢᠯᠲᠠ ᠪᠦᠲᠦᠮᠵᠢ ᠲᠠᠢ ᠪᠠᠶᠢᠬᠤ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠪᠤᠶᠤ ᠬᠥᠷᠥᠰᠥ ᠰᠢᠷᠣᠢ ᠶᠢᠨ ᠥᠩ ᠰᠢᠮ᠎ᠡ ᠪᠤᠶᠤ ᠬᠥᠷᠥᠰᠥ ᠰᠢᠷᠣᠢ ᠶᠢᠨ ᠣᠷᠴᠢᠨ ᠲᠣᠭᠤᠷᠢᠨ ᠵᠡᠷᠭᠡ ᠠᠳᠠᠯᠢᠪᠲᠤᠷ ᠲᠤᠰᠬᠠᠢ ᠮᠡᠷᠭᠡᠵᠢᠯ ᠤᠨ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠢ ᠡᠷᠭᠢᠯᠡᠵᠦ ᠥᠩᠭᠡᠷᠡᠭᠰᠡᠨ ᠪᠥᠭᠡᠳ ᠡᠯᠪᠡᠭ ᠪᠠᠶᠠᠯᠢᠭ ᠭᠠᠳᠠᠭᠠᠳᠤ ᠤᠷᠴᠢᠨ ᠤ ᠠᠵᠢᠯ ᠤᠨ ᠲᠤᠷᠰᠢᠯᠭ᠎ᠠ ᠲᠠᠢ ᠪᠠᠶᠢᠵᠤ᠂ ᠭᠠᠳᠠᠭᠠᠳᠤ ᠤᠷᠴᠢᠨ ᠤ ᠠᠵᠢᠯ ᠤᠨ ᠶᠠᠪᠤᠴᠠ ᠶᠢ ᠰᠠᠶᠢᠨ ᠮᠡᠳᠡᠵᠦ᠂ ᠮᠡᠷᠭᠡᠵᠢᠯ ᠤᠨ ᠠᠵᠢᠯᠯᠠᠭ᠎ᠠ ᠶᠢ ᠣᠶᠢᠯᠠᠭᠠᠨ᠂ ᠶᠠᠰᠤ ᠴᠢᠨᠠᠷ ᠢ ᠡᠵᠡᠮᠳᠡᠬᠦ ᠠᠷᠭ᠎ᠠ ᠪᠠᠷᠢᠯ ᠢ ᠡᠵᠡᠮᠰᠢᠭᠰᠡᠨ ᠪᠠᠶᠢᠬᠤ ᠬᠡᠷᠡᠭᠲᠡᠢ᠃      ︵ᠳᠥᠷᠪᠡ︶ ᠶᠠᠰᠤ ᠴᠢᠨᠠᠷ ᠤᠨ ᠡᠵᠡᠮᠳᠡᠯ ᠢ ᠴᠢᠩᠳᠠᠯᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ︾ ᠢ ᠵᠢᠩᠬᠢᠨᠢ ᠪᠠᠷ ᠨᠡᠶᠢᠲᠡᠯᠡᠭᠰᠡᠨ ᠤ ᠳᠠᠷᠠᠭᠠᠬᠢ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠦᠷᠢᠮ ᠲᠣᠭᠲᠠᠭᠠᠯ︾ ᠵᠡᠷᠭᠡ ᠤᠯᠤᠰ ᠤᠨ ᠨᠢᠭᠡᠳᠦᠯᠲᠡᠢ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠶᠢᠴᠠᠭᠠᠯᠲᠠ ᠬᠢᠵᠦ ᠥᠯᠢᠭᠡᠷ ᠠᠪᠬᠤ ᠠᠵᠢᠯ ᠤᠨ ᠲᠥᠰᠥᠯ ᠢ ᠲᠣᠭᠲᠠᠭᠠᠵᠤ᠂ ᠨᠠᠶᠢᠳᠠᠭᠰᠠᠨ ᠲᠠᠯ᠎ᠠ ᠶᠢᠨ ᠬᠢᠨ ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ᠂ ᠭᠠᠳᠠᠭᠠᠳᠤ ᠤᠷᠴᠢᠨ ᠤ ᠠᠵᠢᠯ ᠲᠥᠷᠥᠯ ᠤᠨ ᠪᠠᠶᠢᠴᠠᠭᠠᠯᠲᠠ ᠬᠢᠵᠦ ᠥᠯᠢᠭᠡᠷ ᠠᠪᠬᠤ ᠠᠵᠢᠯ ᠢ ᠥᠷᠨᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ︾ ᠢ ᠵᠢᠩᠬᠢᠨᠢ ᠪᠠᠷ ᠨᠡᠶᠢᠲᠡᠯᠡᠭᠰᠡᠨ ᠤ ᠳᠠᠷᠠᠭᠠᠬᠢ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠵᠢᠷᠤᠮᠵᠢᠯ︾ ᠶᠣᠰᠣᠭᠠᠷ᠂ ᠳᠣᠲᠣᠭᠠᠳᠤ ᠶᠢᠨ ᠶᠠᠰᠤ ᠴᠢᠨᠠᠷ ᠢ ᠡᠵᠡᠮᠳᠡᠬᠦ ᠲᠥᠯᠥᠪᠯᠡᠭᠡ ᠶᠢ ᠲᠣᠭᠲᠠᠭᠠᠵᠤ᠂ ᠲᠥᠯᠥᠪᠯᠡᠭᠡ ᠶᠣᠰᠣᠭᠠᠷ ᠳᠣᠲᠣᠭᠠᠳᠤ ᠶᠢᠨ ᠶᠠᠰᠤ ᠴᠢᠨᠠᠷ ᠢ ᠡᠵᠡᠮᠳᠡᠬᠦ ᠶᠢ ᠬᠡᠷᠡᠭᠵᠢᠭᠦᠯᠵᠦ᠂ ᠳᠣᠲᠣᠭᠠᠳᠤ ᠶᠢᠨ ᠶᠠᠰᠤ ᠴᠢᠨᠠᠷ ᠢ ᠡᠵᠡᠮᠳᠡᠬᠦ ᠦᠨᠡᠯᠡᠯᠲᠡ ᠶᠢᠨ ᠮᠡᠳᠡᠭᠦᠯᠦᠯᠲᠡ ᠵᠡᠷᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ᠂ ᠤᠯᠤᠰ ᠤᠨ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ ᠳᠤ ᠬᠠᠮᠵᠢᠯᠴᠠᠨ᠎ᠠ᠃      ᠭᠤᠷᠪᠠ᠂ ᠡᠯᠰᠡᠨ ᠴᠤᠭᠯᠠᠭᠤᠯᠬᠤ ᠠᠯᠬᠤᠮ ᠳᠠᠷᠠᠭ᠎ᠠ      ︵ ᠨᠢᠭᠡ ︶ ᠰᠠᠶᠢᠨ ᠳᠤᠷ᠎ᠠ ᠠᠴᠠ ᠪᠠᠨ ᠭᠤᠶᠤᠴᠢᠯᠠᠬᠤ ᠃ ᠲᠣᠰ ᠮᠡᠳᠡᠭᠳᠡᠯ ᠤᠨ ᠱᠠᠭᠠᠷᠳᠠᠯᠭ᠎ᠠ ᠳᠤ ᠨᠡᠶᠢᠴᠡᠬᠦ ᠨᠢᠭᠡᠴᠢ ᠪᠦᠬᠦᠨ ᠴᠥᠮ ︽ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠪᠠ ᠣᠭᠲᠣᠯᠣᠭᠠᠰᠤ ᠶᠢᠨ ᠥᠯᠢᠭᠡᠷ ᠦᠢᠯᠡᠳᠬᠦ ᠨᠢᠭᠡᠴᠢ ᠶᠢᠨ ᠭᠤᠶᠤᠴᠢᠯᠠᠯ ᠤᠨ ᠪᠢᠴᠢᠭ︾ ︵ᠳᠠᠭᠠᠯᠳᠤᠭᠤᠯᠤᠯ 1︶ ᠢ ᠲᠠᠭᠯᠠᠵᠤ᠂ ᠪᠢᠴᠢᠭ ᠤᠨ ᠭᠤᠶᠤᠴᠢᠯᠠᠯ ᠪᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ᠲᠡᠭᠦᠨ ᠤ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃      ︵ᠬᠤᠶᠠᠷ︶ ᠬᠢᠨᠠᠨ ᠪᠠᠶᠢᠴᠠᠭᠠᠵᠤ ᠬᠢᠨᠠᠨ ᠲᠤᠭᠲᠠᠭᠠᠬᠤ ᠃ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠵᠥᠪᠳᠡᠯᠴᠡᠨ ᠬᠢᠨᠠᠨ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠴᠢᠬᠤᠯᠠ ᠲᠠᠢ ᠦᠶ᠎ᠡ ᠳᠤ ᠲᠤᠬᠠᠢ ᠶᠢᠨ ᠲᠠᠯᠠᠪᠠᠢ ᠳᠤ ᠬᠢᠨᠠᠨ ᠪᠠᠶᠢᠴᠠᠭᠠᠵᠤ᠂ ᠬᠢᠷᠢ ᠬᠡᠮ ᠤᠨ ᠨᠥᠬᠦᠴᠡᠯ᠂ ᠠᠵᠢᠯᠲᠠᠨ ᠤ ᠡᠩᠨᠡᠭᠡ᠂ ᠲᠤᠬᠠᠶᠢᠯᠠᠭᠰᠠᠨ ᠠᠵᠢᠯ ᠤᠨ ᠲᠠᠨᠢᠨ ᠮᠡᠳᠡᠬᠦᠢ᠂ ᠠᠵᠢᠯ ᠤᠨ ᠠᠮᠵᠢᠯᠲᠠ ᠪᠦᠲᠦᠮᠵᠢ ᠵᠡᠷᠭᠡ ᠲᠠᠯ᠎ᠠ ᠪᠠᠷ ᠶᠡᠷᠦᠩᠬᠡᠶᠢᠯᠡᠨ ᠬᠢᠨᠠᠨ ᠲᠣᠭᠲᠠᠭᠠᠨ᠎ᠠ᠃ ᠲᠤᠬᠠᠶᠢᠯᠠᠭᠰᠠᠨ ᠠᠵᠢᠯ ᠤᠨ ᠲᠠᠨᠢᠨ ᠮᠡᠳᠡᠷᠡᠬᠦᠢ  ᠨᠢ ᠭᠤᠣᠯᠳᠠᠭᠤ ᠭᠤᠶᠤᠴᠢᠯᠠᠨ ᠮᠡᠳᠡᠭᠦᠯᠬᠦ ᠨᠢᠭᠡᠴᠢ ᠶᠢᠨ ᠵᠣᠬᠢᠶᠠᠨ ᠪᠠᠶᠢᠭᠤᠯᠤᠯᠲᠠ ᠶᠢᠨ ᠲᠣᠭᠲᠠᠴᠠ᠂ ᠮᠡᠷᠭᠡᠵᠢᠯ ᠤᠨ ᠴᠢᠳᠠᠪᠤᠷᠢ ᠠᠴᠠ ᠪᠤᠳᠤᠯᠬᠢᠯᠠᠨ᠎ᠠ ᠃      ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ      2022 ᠣᠨ ᠤ 6 ᠰᠠᠷ᠎ᠠ ᠶᠢᠨ 2 ᠤᠨ ᠡᠳᠦᠷ ᠠᠴᠠ ᠡᠮᠦᠨ᠎ᠡ᠂ ᠡᠯ᠎ᠡ ᠮᠡᠳᠡᠭᠦᠯᠬᠦ ᠨᠢᠭᠡᠴᠢ ᠲᠣᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠭᠤᠶᠤᠴᠢᠯᠠᠯ ᠤᠨ ᠪᠢᠴᠢᠭ ᠪᠣᠯᠣᠨ ᠬᠠᠮᠢᠶ᠎ᠠ ᠪᠦᠬᠦᠢ ᠳᠠᠭᠠᠯᠳᠤᠭᠤᠯᠤᠯ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ ᠭᠤᠶᠤᠴᠢᠯᠠᠬᠤ ᠮᠠᠲ᠋ᠧᠷᠢᠶᠠᠯ ᠤᠨ ᠡᠯᠧᠺᠲᠷᠣᠨ ᠬᠡᠪᠯᠡᠯ ︵PDF ᠰᠢᠷᠪᠢᠯᠲᠡ ᠶᠢᠨ ᠮᠠᠲ᠋ᠧᠷᠢᠶᠠᠯ ᠢ ᠪᠠᠭᠲᠠᠭᠠᠨ᠎ᠠ᠂ ᠳᠠᠭᠠᠯᠳᠤᠭᠤᠯᠤᠯ ᠨᠢᠭᠡᠪᠦᠷᠢ  ᠨᠢ ᠨᠢᠭᠡ ᠲᠤᠰᠠᠭᠠᠷ PDF ᠪᠢᠴᠢᠭ ᠮᠠᠲ᠋ᠧᠷᠢᠶᠠᠯ ᠪᠠᠶᠢᠬᠤ ᠬᠡᠷᠡᠭᠲᠡᠢ︶ ᠢ ᠵᠢᠭᠠᠨ ᠲᠣᠭᠲᠠᠭᠠᠭᠰᠠᠨ ᠢᠮᠧᠯ ᠳᠤ ᠶᠠᠪᠤᠭᠤᠯᠵᠤ᠂ ᠬᠠᠷᠠᠭᠠᠯᠵᠠᠭᠰᠠᠨ ᠴᠠᠭᠠᠰᠤᠨ ᠮᠠᠲ᠋ᠧᠷᠢᠶᠠᠯ ᠢ ᠨᠢᠭᠡ ᠬᠡᠯᠪᠡᠷᠢ ᠶᠢᠨ ᠭᠤᠷᠪᠠᠨ ᠬᠤᠪᠢ ᠶᠢ  ᠲᠤᠬᠳᠠᠬᠰᠠᠨ ᠬᠠᠶ᠋ᠢᠭ ᠲᠤ ᠢᠯᠡᠭᠡᠭᠡᠷᠡᠢ ᠃      ᠬᠠᠷᠢᠯᠴᠠᠬᠤ ᠬᠥᠮᠥᠨ᠄ ᠭᠤᠸ᠎ᠠ     ᠶᠢᠨ ᠮᠧᠩ      ᠬᠠᠷᠢᠯᠴᠠᠬᠤ ᠤᠲᠠᠰᠤ᠄ 15774710777 / 15848388619      ᠢᠮᠧᠯ᠄ nmgspb@163.com      ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷᠲᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠠᠰᠠᠷ       ᠳᠠᠭᠠᠯᠳᠤᠭᠤᠯᠤᠯ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠵᠢᠨ‌ᠭᠠᠳᠠᠭᠠᠳᠤ ᠤᠷᠴᠢᠨ ᠤ ᠪᠠᠶᠢᠴᠠᠭᠠᠯᠲᠠ ᠶᠢᠨ ᠥᠯᠢᠭᠡᠷ ᠠᠪᠬᠤ ᠪᠠ ᠣᠭᠲᠣᠯᠣᠭᠠᠰᠤ ᠶᠢᠨ ᠥᠯᠢᠭᠡᠷ ᠦᠢᠯᠡᠳᠬᠦ ᠨᠢᠭᠡᠴᠢ ᠶᠢᠨ ᠭᠤᠶᠤᠴᠢᠯᠠᠨ ᠮᠡᠳᠡᠭᠦᠯᠬᠦ ᠪᠢᠴᠢᠭ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                       ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ                       ᠪᠠᠶᠢᠴᠠᠭᠠᠯᠲᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠠᠯᠪᠠᠨ ᠭᠡᠷ                                 2022 ᠣᠨ ᠤ 5 ᠰᠠᠷ᠎ᠠ ᠶᠢᠨ 27 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号