ᠡᠯ᠎ᠡ ᠠᠶᠢᠮᠠᠭ ᠬᠤᠲᠠ ᠶᠢᠨ ᠠᠲᠠᠷ ᠬᠠᠭᠠᠯᠪᠤᠷᠢᠯᠠᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠂ ᠬᠥᠯᠥᠨ | ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠬᠢᠩᠭᠠᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ | ᠤᠯᠠᠭᠠᠢ ᠬᠠᠮᠢᠶᠠᠷᠤᠯᠲᠠ ᠶᠢᠨ ᠣᠷᠣᠨ ᠳᠤ᠄ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ | ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠪᠦᠬᠦ | ᠤᠯᠤᠰ ᠤᠨ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠳᠠ ᠶᠢᠨ | ᠲᠧᠯᠸᠢᠰ ᠤᠲᠠᠰᠤᠲᠤ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠤᠰᠠᠳᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠯᠳᠠ ᠶᠢᠨ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠪᠠ ᠂ ᠠᠲᠠᠷ | ᠬᠠᠭᠠᠯᠪᠤᠷᠢᠯᠠᠯᠲᠠ ᠶᠢᠨ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ | ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤ ᠨᠢ ᠢᠯᠡᠷᠡᠭᠦᠯᠵᠦ᠂ ᠠᠲᠠᠷ | ᠬᠠᠭᠠᠯᠪᠤᠷᠢᠯᠠᠯᠲᠠ ᠶᠢᠨ ᠭᠡᠷ ᠪᠠᠶᠢᠰᠢᠩ ᠤᠨ ᠰᠠᠭᠤᠵᠤ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ | ᠡᠳᠦᠭᠡ ᠠᠲᠠᠷ ᠬᠠᠭᠠᠯᠪᠤᠷᠢᠯᠠᠯᠲᠠ ᠶᠢᠨ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠯᠳᠠ ᠶᠢᠨ ᠠᠵᠢᠯ ᠢ ᠥᠷᠨᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ | ᠮᠡᠳᠡᠭᠳᠡᠪᠡ᠄ | ᠨᠢᠭᠡ ᠂ ︽ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ︾ ᠦᠨᠳᠦᠰᠦᠨ ᠱᠠᠭᠠᠷᠳᠠᠯᠭ᠎ᠠ ᠶᠢ | ᠪᠠᠷᠢᠮᠲᠠᠯᠠᠬᠤ ᠬᠡᠷᠡᠭᠲᠡᠢ | ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠨᠣᠯᠵᠢᠬᠤᠨ ᠪᠠ ᠠᠮᠤᠷ ᠲᠦᠪᠰᠢᠨ ᠢᠶᠠᠷ | ᠬᠥᠭᠵᠢᠭᠦᠯᠬᠦ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠬᠡᠮ ᠰᠣᠭᠤᠭ ᠢ ᠬᠠᠤᠯᠢ ᠲᠣᠭᠲᠠᠭᠠᠯ ᠶᠣᠰᠣᠭᠠᠷ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠬᠡᠷᠡᠭᠲᠡᠢ ᠃ ︽ᠵᠠᠭᠤᠨ ᠡᠳᠦᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ | ᠨᠡᠶᠢᠲᠡ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠲᠠᠢ ᠡᠵᠡᠩᠨᠡᠯᠲᠡ ᠶᠢᠨ ᠴᠢᠨᠠᠷᠲᠠᠢ ᠦᠪᠡᠰᠦᠪᠡᠨ ᠪᠠᠷᠢᠭᠰᠠᠨ | ᠭᠡᠷ ᠪᠠᠶᠢᠰᠢᠩ᠂ ᠬᠤᠪᠢ ᠬᠥᠮᠥᠨ ᠪᠡᠶ᠎ᠡ ᠪᠠᠨ ᠳᠠᠭᠠᠭᠠᠵᠤ ᠪᠠᠷᠢᠭᠰᠠᠨ ᠭᠡᠷ ᠪᠠᠶᠢᠰᠢᠩ ᠳᠤ ᠨᠠᠷᠢᠨ ᠬᠢᠨᠠᠮᠠᠭᠠᠢ ᠵᠢᠭᠰᠠᠭᠠᠨ | ᠪᠠᠶᠢᠴᠠᠭᠠᠯᠲᠠ ᠬᠢᠵᠦ᠂ ᠲᠦᠷᠭᠡᠨ ᠪᠠᠶᠢᠴᠠᠭᠠᠵᠤ ᠲᠦᠷᠭᠡᠨ ᠦᠭᠡᠷᠡᠴᠢᠯᠡᠵᠦ ᠂ ᠳᠠᠷᠤᠶᠢᠬᠠᠨ ᠪᠠᠶᠢᠴᠠᠭᠠᠵᠤ ᠳᠠᠷᠤᠶᠢᠬᠠᠨ | ᠥᠭᠡᠷᠡᠴᠢᠯᠡᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤ | ᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠂ ᠠᠲᠠᠷ | ᠬᠠᠭᠠᠯᠪᠤᠷᠢᠯᠠᠯᠲᠠ ᠶᠢᠨ ᠣᠷᠣᠨ ᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠷᠠᠳ ᠣᠯᠠᠨ ᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠦᠨᠳᠦᠰᠦᠨ | ᠱᠠᠭᠠᠷᠳᠠᠯᠭ᠎ᠠ ᠶᠢ ᠡᠷᠡᠰ ᠲᠤᠭᠤᠶᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ ᠂ ᠨᠠᠷᠢᠨ ᠨᠢᠭᠲᠠ ᠪᠠᠶᠢᠷᠢᠯᠠᠭᠤᠯᠵᠤ ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ | ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠯ᠎ᠡ ᠠᠲᠠᠷ | ᠬᠠᠭᠠᠯᠪᠤᠷᠢᠯᠠᠯᠲᠠ ᠶᠢᠨ ᠣᠷᠣᠨ ᠨᠤᠭᠤᠳ ᠲᠥᠰᠥᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠲᠥᠰᠥᠯ ᠤᠨ ᠮᠥᠨ | ᠴᠢᠨᠠᠷ ᠤᠨ ᠠᠭᠤᠯᠭ᠎ᠠ ᠶᠢ ᠦᠨᠳᠦᠰᠦᠨ ᠱᠠᠲᠤᠨ ᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠷᠭᠡᠨ ᠣᠯᠠᠨ ᠺᠠᠳ᠋ᠷ | ᠪᠣᠯᠣᠨ ᠠᠵᠢᠯᠲᠠᠨ ᠠᠵᠢᠯᠴᠢᠨ ᠲᠦᠮᠡᠨ ᠳᠤ ᠲᠡᠷᠡ ᠳᠠᠷᠤᠢ ᠳᠤ ᠨᠢ ᠤᠯᠠᠮᠵᠢᠯᠠᠵᠤ᠂ ᠡᠯ᠎ᠡ ᠱᠠᠲᠤᠨ ᠤ ᠺᠠᠳ᠋ᠷ ᠪᠣᠯᠣᠨ | ᠠᠵᠢᠯᠲᠠᠨ ᠠᠵᠢᠯᠴᠢᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ | ᠵᠢᠭᠰᠠᠭᠠᠨ ᠪᠠᠶᠢᠴᠠᠭᠠᠬᠤ ᠠᠵᠢᠯ ᠤᠨ ᠯᠠᠪᠳᠠᠭᠤᠨ ᠪᠦᠲᠦᠮᠵᠢᠲᠡᠶ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ᠂ ᠵᠢᠭᠰᠠᠭᠠᠨ | ᠪᠠᠶᠢᠴᠠᠭᠠᠬᠤ ᠠᠭᠤᠯᠭ᠎ᠠ᠂ ᠵᠢᠭᠰᠠᠭᠠᠨ ᠪᠠᠶᠢᠴᠠᠭᠠᠬᠤ ᠠᠷᠭ᠎ᠠ ᠮᠠᠶ᠋ᠢᠭ ᠢ ᠵᠢᠷᠤᠮᠵᠢᠭᠤᠯᠵᠤ᠂ ᠠᠲᠠᠷ | ᠬᠠᠭᠠᠯᠪᠤᠷᠢᠯᠠᠯᠲᠠ ᠶᠢᠨ ᠣᠷᠣᠨ ᠪᠠ ᠲᠠᠷᠢᠶᠠᠯᠠᠩ ᠮᠠᠯᠵᠢᠯ ᠤᠨ ᠲᠠᠯᠠᠪᠠᠶ ᠳᠤ ᠡᠯ᠎ᠡ ᠲᠥᠷᠥᠯ ᠤᠨ ᠦᠪᠡᠰᠦᠪᠡᠨ | ᠪᠠᠷᠢᠭᠰᠠᠨ ᠭᠡᠷ ᠪᠠᠶᠢᠰᠢᠩ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠳᠤ ᠨᠢᠭᠡ ᠤᠳᠠᠭᠠᠨ ᠤ | ᠲᠣᠣᠷ ᠲᠠᠲᠠᠬᠤ ᠮᠠᠶ᠋ᠢᠭ ᠤᠨ ᠶᠡᠭᠡ ᠵᠢᠭᠰᠠᠭᠠᠨ ᠪᠠᠶᠢᠴᠠᠭᠠᠯᠲᠠ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ | ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠲᠦᠷ ᠴᠠᠭ ᠤᠨ | ᠦᠪᠡᠰᠦᠪᠡᠨ ᠪᠠᠷᠢᠭᠰᠠᠨ ᠭᠡᠷ ᠪᠠᠶᠢᠰᠢᠩ ᠳᠤ ᠬᠡᠷᠡᠭᠯᠡᠬᠦ ᠠᠮᠤᠷ ᠲᠦᠪᠰᠢᠨ ᠤ ᠳᠠᠯᠳᠠ ᠬᠡᠮ ᠤᠨ ᠲᠤᠰᠬᠠᠢ | ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠠᠰᠠᠭᠤᠳᠠᠯ ᠤᠨ ᠨᠠᠷᠢᠨ ᠲᠠᠩᠰᠠ ᠭᠠᠷᠭᠠᠵᠤ᠂ ᠴᠡᠭᠴᠡᠯᠡᠨ ᠵᠠᠰᠠᠬᠤ ᠡᠬᠡ | ᠲᠠᠩᠰᠠ ᠪᠠᠶᠢᠭᠤᠯᠤᠨ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠳᠠᠯᠳᠠ ᠬᠡᠮ ᠢ ᠲᠤᠶᠢᠯᠪᠤᠷᠢᠲᠠᠢ | ᠴᠡᠭᠴᠡᠯᠡᠨ ᠵᠠᠰᠠᠵᠤ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ 2022 ᠣᠨ ᠤ 6 | ᠰᠠᠷ᠎ᠠ ᠶᠢᠨ ᠰᠡᠭᠦᠯᠴᠢ ᠠᠴᠠ ᠡᠮᠦᠨ᠎ᠡ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠪᠡᠶᠡᠯᠡᠭᠦᠯᠵᠦ᠂ 9 | ᠰᠠᠷ᠎ᠠ ᠶᠢᠨ ᠰᠡᠭᠦᠯᠴᠢ ᠠᠴᠠ ᠡᠮᠦᠨ᠎ᠡ ︽ᠵᠠᠭᠤᠨ ᠡᠳᠦᠷ ᠤᠨ ᠠᠵᠢᠯᠯᠠᠭ᠎ᠠ︾ ᠶᠢᠨ ᠠᠰᠠᠭᠤᠳᠠᠯ ᠢ ᠴᠡᠭᠴᠡᠯᠡᠨ | ᠵᠠᠰᠠᠬᠤ ᠶᠢ ᠪᠠᠶᠡᠯᠡᠭᠦᠯᠬᠦ ᠬᠡᠷᠡᠭᠲᠡᠢ ᠃ | ᠭᠤᠷᠪᠠ ᠂ ᠵᠡᠷᠭᠡᠪᠡᠷ ᠠᠳᠬᠤᠨ ᠬᠠᠮᠲᠤ ᠳᠤ ᠨᠢ ᠬᠠᠮᠢᠶᠠᠷᠴᠤ ᠂ ᠲᠥᠪᠯᠡᠷᠡᠭᠦᠯᠦᠨ ᠴᠡᠭᠴᠡᠯᠡᠨ ᠵᠠᠰᠠᠵᠤ ᠂ ᠬᠡᠷᠡᠭ | ᠭᠠᠷᠬᠤ ᠠᠴᠠ ᠡᠮᠦᠨ᠎ᠡ ᠰᠡᠷᠭᠡᠶᠢᠯᠡᠬᠦ ᠬᠡᠷᠡᠭᠲᠡᠢ | ᠡᠯ᠎ᠡ ᠠᠲᠠᠷ ᠬᠠᠭᠠᠯᠪᠤᠷᠢᠯᠠᠯᠲᠠ ᠶᠢᠨ ᠣᠷᠣᠨ ᠳᠤ ᠠᠵᠢᠯ ᠤᠨ ᠲᠤᠰᠬᠠᠢ ᠠᠩᠭᠢ ᠪᠠᠶᠢᠭᠤᠯᠵᠤ᠂ ᠦᠨᠳᠦᠰᠦᠨ | ᠱᠠᠲᠤᠨ ᠳᠤ ᠭᠦᠨᠵᠡᠭᠡᠶᠢᠷᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠮᠤᠷ | ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ ᠂ | ᠣᠶᠢᠷ᠎ᠠ ᠶᠢᠨ ᠬᠤᠭᠤᠴᠠᠭᠠᠨ ᠳᠤ ᠭᠠᠷᠤᠭᠰᠠᠨ ᠡ᠊ᠨᠳᠡᠯ ᠤᠨ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠂ ᠠᠵᠢᠯᠲᠠᠨ | ᠠᠵᠢᠯᠴᠢᠨ ᠤ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠬᠠᠢ ᠤᠬᠠᠮᠰᠠᠷ ᠢ | ᠳᠡᠭᠡᠭᠰᠢᠯᠡᠭᠦᠯᠵᠦ ᠂ ᠭᠦᠨᠵᠡᠭᠡᠢ ᠰᠤᠷᠭᠠᠮᠵᠢ ᠠᠪᠬᠤ ᠬᠡᠷᠡᠭᠲᠡᠢ ᠃ ︽ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ | ᠰᠠᠭᠤᠬᠤ ᠦᠭᠡᠢ᠂ ᠬᠥᠮᠥᠨ ᠰᠠᠭᠤᠪᠠᠯ ᠨᠤᠷᠠᠬᠤ ᠠᠶᠤᠯ ᠦᠭᠡᠢ ᠪᠠᠶᠢᠬᠤ ︾ ᠠᠵᠢᠯ ᠤᠨ ᠵᠠᠷᠴᠢᠮ ᠢ ᠪᠠᠷᠢᠮᠲᠠᠯᠠᠵᠤ᠂ | ᠲᠥᠰᠥᠯ ᠤᠨ ᠱᠠᠭᠠᠷᠳᠠᠯᠭ᠎ᠠ ᠶᠣᠰᠣᠭᠠᠷ ᠦᠪᠡᠰᠦᠪᠡᠨ ᠪᠠᠷᠢᠭᠰᠠᠨ ᠭᠡᠷ ᠪᠠᠶᠢᠰᠢᠩ ᠤᠨᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠰᠢᠨᠵᠢᠯᠡᠬᠦ ᠤᠬᠠᠭᠠᠨᠴᠢ | ᠪᠥᠭᠡᠳ ᠵᠦᠢ ᠵᠣᠬᠢᠰᠲᠠᠢ ᠲᠣᠭᠲᠠᠭᠠᠵᠤ᠂ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠯᠳᠠ ᠶᠢᠨ ᠠᠵᠢᠯ ᠢ ᠴᠠᠭ ᠲᠤᠬᠠᠢ ᠳᠤ ᠨᠢ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ | ᠬᠡᠷᠡᠭᠲᠡᠢ᠃ | ᠡᠯ᠎ᠡ ᠠᠲᠠᠷ ᠬᠠᠭᠠᠯᠪᠤᠷᠢᠯᠠᠯᠲᠠ ᠶᠢᠨ ᠣᠷᠣᠨ ᠤ ᠬᠢᠨ 6 ᠰᠠᠷ᠎ᠠ ᠶᠢᠨ 30 ᠤ ᠡᠳᠦᠷ᠂ 9 ᠰᠠᠷ᠎ᠠ ᠶᠢᠨ 30 ᠤ | ᠡᠳᠦᠷ ᠠᠴᠠ ᠡᠮᠦᠨ᠎ᠡ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠵᠢᠭᠰᠠᠭᠠᠨ ᠪᠠᠶᠢᠴᠠᠭᠠᠵᠤ ᠪᠠᠶᠢᠳᠠᠯ ᠢ | ᠣᠶᠢᠯᠠᠭᠠᠭᠰᠠᠨ ᠠᠵᠢᠯ ᠤᠨ ᠪᠠᠶᠢᠳᠠᠯ ᠪᠣᠯᠣᠨ ︽ᠵᠠᠭᠤᠨ ᠡᠳᠦᠷ ᠤᠨ ᠠᠵᠢᠯᠯᠠᠭ᠎ᠠ︾ ᠶᠢᠨ ᠠᠰᠠᠭᠤᠳᠠᠯ ᠢ ᠴᠡᠭᠴᠡᠯᠡᠨ | ᠵᠠᠰᠠᠭᠰᠠᠨ ᠠᠵᠢᠯ ᠤᠨ ᠪᠠᠶᠢᠳᠠᠯ ᠢᠶᠠᠨ ᠲᠣᠰ ᠲᠣᠰ ᠮᠡᠳᠡᠭᠦᠯᠦᠨ ᠬᠦᠷᠭᠡᠬᠦ ᠬᠡᠷᠡᠭᠲᠡᠢ ᠃ | ᠬᠠᠷᠢᠯᠴᠠᠬᠤ ᠠᠷᠭ᠎ᠠ ᠄ ᠲᠠᠯ᠎ᠠ ᠂ ᠤᠲᠠᠰᠤ᠄ 0471 - 6652029 | ᠢᠮᠧᠯ ᠄ ngjtala@163.com | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2022 ᠣᠨ ᠤ 6 ᠰᠠᠷ᠎ᠠ ᠶᠢᠨ 6 ᠤ ᠡᠳᠦᠷ | | | ᠳᠠᠭᠠᠯᠳᠣᠭᠤᠯᠣᠯ᠄ 1. ᠠᠲᠠᠷ ᠬᠠᠭᠠᠯᠪᠤᠷᠢᠯᠠᠯᠲᠠ ᠶᠢᠨ ᠣᠷᠣᠨ ᠤ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠳᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ | 2. ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠯᠳᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | |