ᠡᠮ᠎ᠡ ᠬᠤᠨᠢᠨ ᠤ ᠰᠦ ᠶᠢᠨ ᠬᠦᠷᠦᠯᠴᠡᠬᠦ ᠦᠭᠡᠢ ᠪᠠᠶᠢᠳᠠᠯ ᠢ ᠰᠢᠢᠳᠪᠦᠷᠢᠯᠡᠬᠦ ᠠᠷᠭ᠎ᠠ ᠠᠳᠡ ᠪᠣᠢ
ᠨᠡᠶᠢᠲᠡᠯᠡᠭᠰᠡᠨ ᠴᠠᠭ᠄
2022/6/14
      1.ᠡᠮ᠎ᠡ ᠬᠤᠨᠢᠨ ᠤ ᠰᠦ ᠪᠠᠭᠤᠯᠭᠠᠬᠤ ᠠᠷᠭ᠎ᠠ      ᠡᠮ᠎ᠡ ᠬᠤᠨᠢ ᠬᠤᠷᠠᠭᠠᠯᠠᠭᠰᠠᠨ ᠤ ᠳᠠᠷᠠᠭ᠎ᠠ ᠰᠦ  ᠨᠢ ᠬᠦᠷᠦᠯᠴᠡᠬᠦ ᠦᠭᠡᠢ ᠪᠠᠶᠢᠳᠠᠯ ᠭᠠᠷᠪᠠᠯ᠂ ᠪᠢᠳᠡ ᠰᠢᠨᠵᠢᠯᠡᠬᠦ ᠤᠬᠠᠭᠠᠨᠴᠢ ᠪᠠᠷ ᠰᠦ ᠪᠠᠭᠤᠯᠭᠠᠬᠤ ᠠᠷᠭ᠎ᠠ ᠪᠠᠷ ᠡᠮ᠎ᠡ ᠬᠤᠨᠢᠨ ᠤ ᠰᠦ ᠶᠢᠨ ᠭᠠᠷᠤᠯᠲᠠ ᠶᠢ ᠳᠡᠭᠡᠭᠰᠢᠯᠡᠭᠦᠯᠵᠦ ᠪᠣᠯᠣᠨ᠎ᠠ᠃ ᠡᠮ᠎ᠡ ᠬᠤᠨᠢᠨ ᠤ ᠰᠦ ᠪᠠᠭᠤᠯᠭᠠᠬᠤ ᠠᠷᠭ᠎ᠠ ᠮᠠᠰᠢ ᠣᠯᠠᠨ ᠪᠠᠶᠢᠳᠠᠭ ᠂ ᠵᠢᠱᠢᠶᠡᠯᠡᠪᠡᠯ ᠯᠣᠬᠠᠱᠧᠩ ᠤᠨ ᠳᠡᠭᠡᠷ᠎ᠡ ᠥᠨᠳᠡᠭᠡ ᠬᠢᠵᠦ ᠤᠰᠤᠨ ᠳᠤ ᠴᠢᠨᠠᠵᠤ ᠤᠤᠭᠤᠯᠭᠠᠬᠤ᠂ ᠪᠤᠷᠠᠮ ᠲᠠᠢ ᠤᠰᠤᠨ ᠳᠤ ᠨᠠᠷᠢᠯᠢᠭ ᠪᠣᠷᠳᠤᠭ᠎ᠠ ᠬᠢᠵᠦ ᠲᠡᠵᠢᠭᠡᠬᠦ ᠂ ᠬᠠᠶᠢᠳᠠᠢ ᠶᠢᠨ ᠱᠥᠯᠥ ᠶᠢ ᠵᠠᠯᠭᠠᠭᠠᠪᠡᠷ ᠭᠤᠷᠪᠠ ᠤᠳᠠᠭ᠎ᠠ ᠤᠤᠭᠤᠯᠭᠠᠬᠤ ᠂ ᠵᠥᠭᠡᠢ ᠶᠢᠨ ᠪᠠᠯ ᠢᠶᠠᠷ ᠰᠦ ᠪᠠᠭᠤᠯᠭᠠᠬᠤ᠂ ᠪᠤᠷᠴᠠᠭ ᠤᠨ ᠤᠭᠤᠷᠠᠭ ᠢᠶᠠᠷ ᠰᠦ ᠪᠠᠭᠤᠯᠭᠠᠬᠤ ᠵᠡᠷᠭᠡ᠃ ᠬᠡᠯᠡᠯᠭᠡᠨ ᠦᠭᠡᠢ ᠪᠠᠰᠠ ᠬᠢᠲᠠᠳ ᠡᠮ ᠢᠶᠠᠷ ᠰᠦ ᠪᠠᠨ ᠪᠠᠭᠤᠯᠭᠠᠵᠤ ᠪᠤᠯᠤᠨ᠎ᠠ᠂ ᠶᠡᠷᠦ ᠳᠤ ᠪᠠᠨ ᠬᠢᠲᠠᠳ ᠡᠮ ᠳ᠋ᠠᠩᠭᠦᠨ ︵当归︶᠂ ᠤᠲᠤᠭᠠᠨ ᠡᠪᠡᠰᠦ ︵川芎︶᠂ ᠴᠡᠴᠡᠭ ᠤᠨ ᠲᠣᠭᠤᠰᠣ ︵花粉︶᠂ ᠸᠠᠩ ᠪᠦᠦ ᠯᠢᠦ ᠰᠢᠩ ︵王不留行︶᠂ ᠬᠤᠶᠠᠭᠲᠤ ᠵᠠᠷᠠᠭ᠎ᠠ ︵穿山甲︶᠂ ᠴᠠᠭᠠᠨ ᠴᠠᠨ᠎ᠠ ︵白芍︶᠂ ᠬᠤᠨᠴᠢᠷ ︵黄芪︶᠂ ᠴᠠᠭᠠᠨ ᠡᠪᠡᠰᠦ ︵通草︶᠂ ᠰᠢᠬᠢᠷ ᠡᠪᠡᠰᠦ ︵甘草︶ ᠵᠡᠷᠭᠡ ᠶᠢ ᠤᠰᠤᠨ ᠳᠤ ᠴᠢᠨᠠᠵᠤ ᠤᠤᠭᠤᠯᠭᠠᠨ᠎ᠠ ᠃ ᠡᠳᠡᠭᠡᠷ ᠠᠷᠭ᠎ᠠ ᠶᠢᠨ ᠰᠦ ᠪᠠᠭᠤᠯᠭᠠᠬᠤ ᠦᠢᠯᠡᠳᠦᠯ ᠨᠢ ᠪᠦᠷ ᠮᠠᠰᠢ ᠰᠠᠶᠢᠨ ᠪᠠᠶᠢᠳᠠᠭ ᠃      2. ᠬᠤᠷᠠᠭ᠎ᠠ ᠶᠢ ᠦᠭᠡᠷ᠎ᠡ ᠡᠬᠡ ᠳᠤ ᠬᠦᠬᠦᠭᠦᠯᠬᠦ ᠠᠷᠭ᠎ᠠ      ᠡᠮ᠎ᠡ ᠬᠤᠨᠢᠨ ᠤ ᠰᠦ ᠨᠢ ᠬᠦᠷᠦᠯᠴᠡᠬᠦ ᠦᠭᠡᠢ ᠪᠣᠯ ᠪᠢᠳᠡ ᠪᠠᠰᠠ ᠦᠭᠡᠷ᠎ᠡ ᠡᠬᠡ ᠳᠤ ᠬᠦᠬᠦᠭᠦᠯᠬᠦ ᠠᠷᠭ᠎ᠠ ᠪᠠᠷ ᠬᠤᠷᠠᠭ᠎ᠠ ᠶᠢ ᠪᠣᠶᠢᠵᠢᠭᠤᠯᠵᠤ᠂ ᠲᠡᠵᠢᠭᠡᠪᠦᠷᠢ ᠶᠢᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ ᠪᠣᠯᠣᠨ᠎ᠠ᠃ ᠭᠡᠪᠡᠴᠦ ᠡᠨᠡ ᠬᠦ ᠠᠷᠭ᠎ᠠ  ᠨᠢ ᠡᠩ ᠤᠨ ᠪᠠᠶᠢᠳᠠᠯ ᠳᠤ ᠵᠥᠪᠬᠡᠨ ᠲᠣᠮᠣ ᠬᠡᠯᠪᠡᠷᠢ ᠶᠢᠨ ᠲᠡᠵᠢᠭᠡᠪᠦᠷᠢ ᠶᠢᠨ ᠲᠠᠯᠠᠪᠠᠶ ᠳᠤ ᠲᠤᠬᠢᠷᠠᠨ᠎ᠠ ᠂ ᠲᠡᠷᠡ ᠨᠢ ᠡᠮ᠎ᠡ ᠬᠤᠨᠢᠨ ᠤ ᠲᠤᠭ᠎ᠠ ᠨᠢ ᠨᠡᠯᠢᠶᠡᠳ ᠠᠷᠪᠢᠨ᠂ ᠪᠡᠯᠡᠳᠬᠡᠯ ᠡᠮ᠎ᠡ ᠬᠤᠨᠢ ᠪᠠ ᠬᠦᠬᠦᠭᠦᠯ ᠬᠤᠨᠢ ᠶᠢ ᠰᠠᠶᠢᠲᠤᠷ ᠪᠣᠶᠢᠵᠢᠭᠤᠯᠵᠤ ᠪᠣᠯᠣᠨ᠎ᠠ᠂ ᠢᠩᠭᠢᠪᠡᠯ ᠡᠮ᠎ᠡ ᠬᠤᠨᠢ ᠬᠤᠷᠠᠭᠠᠯᠯᠠᠭᠰᠠᠨ ᠤ ᠳᠠᠷᠠᠭ᠎ᠠ ᠰᠦ  ᠨᠢ ᠬᠦᠷᠦᠯᠴᠡᠬᠦ ᠦᠭᠡᠢ ᠪᠠᠶᠢᠳᠠᠯ ᠳᠣᠣᠷ᠎ᠠ ᠴᠠᠭ ᠲᠤᠬᠠᠢ ᠳᠤ ᠨᠢ ᠦᠭᠡᠷ᠎ᠡ ᠡᠬᠡ ᠳᠤ ᠬᠦᠬᠦᠭᠦᠯᠵᠦ ᠂ ᠬᠤᠷᠠᠭ᠎ᠠ ᠶᠢᠨ ᠥᠰᠦᠯᠲᠡ ᠶᠢ ᠨᠥᠯᠥᠭᠡᠯᠡᠬᠦ ᠦᠭᠡᠢ ᠶᠤᠮ᠃ ᠪᠠᠰᠠ ᠬᠦᠬᠦᠭᠦᠯ ᠬᠤᠨᠢ   ᠪᠠᠷ ᠣᠷᠣᠯᠠᠭᠤᠯᠤᠨ ᠬᠦᠬᠦᠭᠦᠯᠬᠦ ᠳᠤ ᠪᠠᠰᠠ ᠨᠢᠭᠡ ᠠᠩᠬᠠᠷᠬᠤ ᠴᠢᠬᠤᠯᠠᠲᠠᠢ ᠵᠦᠢᠯ ᠭᠡᠪᠡᠯ᠂ ᠳᠠᠷᠤᠢ ᠡᠮ᠎ᠡ ᠬᠤᠨᠢ ᠪᠠᠨ ᠪᠠᠬᠢᠯᠡᠨ ᠤᠶᠠᠵᠤ ᠂ ᠬᠤᠷᠠᠭ᠎ᠠ ᠪᠠᠨ ᠬᠥᠮᠥᠨ ᠤ ᠬᠦᠴᠦ ᠪᠠᠷ ᠬᠠᠪᠰᠤᠷᠤᠨ ᠬᠦᠬᠦᠭᠦᠯᠵᠦ ᠂ ᠣᠯᠠᠨ ᠤᠳᠠᠭ᠎ᠠ ᠬᠦᠬᠦᠭᠦᠯᠦᠭᠰᠡᠨ ᠤ ᠳᠠᠷᠠᠭ᠎ᠠ ᠰᠠᠶ᠋ᠢ ᠬᠡᠪ ᠤᠨ ᠪᠠᠶᠢᠳᠠᠯ ᠢᠶᠠᠷ ᠬᠦᠬᠦᠵᠦ ᠳᠡᠶᠢᠯᠦᠨ᠎ᠡ ᠃      3.ᠤᠷᠢᠳᠴᠢᠯᠠᠨ ᠲᠡᠵᠢᠭᠡᠯ ᠪᠣᠷᠳᠤᠭ᠎ᠠ ᠨᠦᠬᠦᠬᠦ ᠠᠷᠭ᠎ᠠ      ᠡᠮ᠎ᠡ ᠬᠤᠨᠢᠨ ᠤ ᠰᠦ ᠨᠢ ᠬᠦᠷᠦᠯᠴᠡᠬᠦ ᠦᠭᠡᠢ ᠦᠶ᠎ᠡ ᠳᠤ ᠪᠢᠳᠡ ᠪᠠᠰᠠ ᠨᠢᠭᠡ ᠵᠦᠢᠯ ᠤᠨ ᠠᠷᠭ᠎ᠠ ᠪᠣᠢ᠂ ᠳᠠᠷᠤᠢ ᠬᠤᠷᠠᠭ᠎ᠠ ᠶᠢᠨ ᠬᠦᠬᠦᠬᠦ ᠬᠤᠭᠤᠴᠠᠭ᠎ᠠ ᠶᠢ ᠤᠷᠢᠳᠴᠢᠯᠠᠨ ᠳᠠᠭᠤᠰᠬᠠᠵᠤ ᠂ ᠡᠷᠲᠡᠬᠡᠨ ᠰᠢᠭ ᠲᠡᠵᠢᠭᠡᠯ ᠤᠨ ᠬᠤᠭᠤᠴᠠᠭᠠᠨ ᠳᠤ ᠣᠷᠣᠭᠤᠯᠤᠨ᠎ᠠ ᠃ ᠥᠭᠡᠷ᠎ᠡ ᠪᠠᠷ ᠬᠡᠯᠡᠪᠡᠯ ᠰᠦ  ᠨᠢ ᠬᠦᠷᠦᠯᠴᠡᠬᠦ ᠦᠭᠡᠢ ᠪᠠᠶᠢᠳᠠᠯ ᠳᠣᠣᠷ᠎ᠠ ᠂ ᠬᠤᠷᠠᠭ᠎ᠠ ᠳᠤ ᠡᠪᠡᠰᠦ ᠪᠣᠷᠳᠤᠭ᠎ᠠ ᠪᠤᠶᠤ ᠪᠤᠰᠤᠳ ᠲᠡᠵᠢᠭᠡᠯ ᠪᠣᠷᠳᠤᠭ᠎ᠠ ᠨᠥᠬᠦᠪᠦᠷᠢᠯᠡᠵᠦ ᠂ ᠲᠡᠳᠡᠨ ᠢ ᠳᠤᠷ᠎ᠠ ᠪᠠᠷ ᠨᠢ ᠢᠳᠡᠭᠦᠯᠦᠨ᠎ᠡ ᠃ ᠬᠤᠷᠢᠭᠠᠳ ᠡᠳᠦᠷ ᠪᠣᠯᠪᠠᠯ ᠬᠤᠷᠠᠭ᠎ᠠ ᠳᠤ ᠲᠡᠵᠢᠭᠡᠯ ᠪᠤᠷᠳᠤᠭ᠎ᠠ ᠦᠭᠬᠦ ᠶᠢᠨ ᠬᠠᠮᠲᠤ ᠬᠦᠬᠦᠬᠦ ᠤᠳᠠᠭ᠎ᠠ ᠶᠢ ᠨᠢ ᠠᠭᠠᠵᠢᠮ ᠢᠶᠠᠷ ᠪᠠᠭᠠᠰᠬᠠᠵᠤ ᠂ ᠲᠤᠰᠬᠠᠢ ᠬᠤᠷᠠᠭ᠎ᠠ ᠶᠢᠨ ᠪᠣᠷᠳᠤᠭ᠎ᠠ ᠪᠠᠷ ᠲᠡᠵᠢᠭᠡᠨ᠎ᠡ᠃      4.ᠰᠦᠨ ᠲᠠᠯᠬ᠎ᠠ ᠪᠠᠷ ᠲᠡᠵᠢᠭᠡᠬᠦ ᠠᠷᠭ᠎ᠠ      ᠰᠦᠨ ᠲᠠᠯᠬ᠎ᠠ ᠪᠠᠷ ᠲᠡᠵᠢᠭᠡᠬᠦ ᠨᠢ ᠣᠳᠣᠬᠠᠨ ᠳᠤ ᠮᠠᠰᠢ ᠣᠯᠠᠨ ᠲᠡᠵᠢᠭᠡᠪᠦᠷᠢ ᠶᠢᠨ ᠲᠠᠯᠠᠪᠠᠢ ᠳᠤ ᠦᠷᠭᠦᠯᠵᠢ ᠬᠡᠷᠡᠭᠯᠡᠵᠦ ᠪᠠᠶᠢᠭ᠎ᠠ ᠨᠢᠭᠡ ᠵᠦᠢᠯ ᠤᠨ ᠠᠷᠭ᠎ᠠ ᠪᠣᠯᠣᠨ᠎ᠠ ᠃ ᠣᠯᠠᠩᠬᠢ ᠲᠡᠵᠢᠭᠡᠪᠦᠷᠢ ᠶᠢᠨ ᠲᠠᠯᠠᠪᠠᠶ ᠰᠦᠨ ᠲᠠᠯᠬ᠎ᠠ ᠪᠠᠷ ᠲᠡᠵᠢᠭᠡᠵᠦ ᠪᠠᠶᠢᠭ᠎ᠠ ᠨᠢ ᠡᠮ᠎ᠡ ᠬᠤᠨᠢᠨ ᠤ ᠰᠦ ᠬᠦᠷᠦᠯᠴᠡᠬᠦ ᠦᠭᠡᠢ ᠠᠴᠠ ᠪᠣᠯᠤᠭᠰᠠᠨ ᠲᠡᠳᠦᠢ ᠪᠢᠰᠢ᠂ ᠪᠠᠰᠠ ᠡᠮ᠎ᠡ ᠬᠤᠨᠢᠨ ᠤ ᠪᠡᠷᠬᠡ ᠬᠥᠩᠭᠡᠵᠢᠯᠲᠡ ᠪᠤᠶᠤ ᠡᠪᠡᠳᠴᠢᠨ ᠡᠮᠭᠡᠭ ᠵᠡᠷᠭᠡ ᠠᠴᠠ ᠪᠣᠯᠵᠤ᠂ ᠡᠮ᠎ᠡ ᠬᠤᠨᠢ  ᠨᠢ ᠬᠡᠪ ᠢᠶᠠᠷ ᠬᠥᠬᠦᠭᠦᠯᠵᠦ ᠳᠡᠶᠢᠯᠬᠦ ᠦᠭᠡᠢ ᠪᠠᠶᠢᠳᠠᠭ᠂ ᠡᠶᠢᠮᠦ ᠠᠴᠠ ᠰᠦᠨ ᠲᠠᠯᠬ᠎ᠠ ᠪᠠᠷ ᠤᠭᠵᠢᠬᠤ ᠴᠢᠬᠤᠯᠠᠲᠠᠢ ᠃ ᠭᠡᠪᠡᠴᠦ ᠰᠦᠨ ᠲᠠᠯᠬ᠎ᠠ ᠪᠠᠷ ᠤᠭᠵᠢᠬᠤ ᠳᠤ ᠪᠠᠨ ᠲᠣᠭᠲᠠᠭᠰᠠᠨ ᠴᠠᠭ ᠪᠠ ᠲᠣᠭᠲᠠᠭᠰᠠᠨ ᠬᠡᠮᠵᠢᠶ᠎ᠡ ᠲᠠᠢ ᠪᠠᠶᠢᠯᠭᠠᠬᠤ ᠬᠡᠷᠡᠭᠲᠡᠢ ᠪᠥᠭᠡᠳ ᠬᠤᠷᠠᠭ᠎ᠠ ᠶᠢᠨ ᠥᠰᠦᠯᠲᠡ ᠶᠢ ᠳᠠᠭᠠᠯᠳᠤᠨ ᠰᠦᠨ ᠲᠠᠯᠬ᠎ᠠ ᠶᠢᠨ ᠬᠡᠮᠵᠢᠶ᠎ᠡ ᠶᠢ ᠠᠭᠠᠵᠢᠮ ᠢᠶᠠᠷ ᠨᠡᠮᠡᠭᠳᠡᠭᠦᠯᠵᠦ ᠂ ᠤᠭᠵᠢᠬᠤ ᠤᠳᠠᠭ᠎ᠠ ᠶᠢ  ᠨᠢ ᠪᠠᠭᠠᠰᠬᠠᠨ᠎ᠠ ᠃      ᠮᠡᠳᠡᠭᠡ ᠵᠠᠩᠭᠢ ᠶᠢᠨ ᠢᠷᠡᠯᠲᠡ᠄ ᠠᠵᠤ ᠦᠢᠯᠡᠰᠵᠢᠯᠲᠡ ᠶᠢᠨ ᠵᠢᠯᠤᠭᠤᠳᠬᠤ ᠲᠥᠪ ᠤᠨ ᠸᠠᠩ ᠶᠠ ᠪᠢᠩ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号