ᠥᠪᠡᠷᠲᠡᠭᠡᠨ ᠵᠠᠰᠠᠬᠤ ᠣᠷᠣᠨ ᠤ ᠳᠡᠰ ᠤᠨ ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠦᠷᠲᠡᠭᠡ ᠶᠢᠨ ᠠᠯᠪᠠᠨ ᠵᠠᠷ
ᠨᠡᠶᠢᠲᠡᠯᠡᠭᠰᠡᠨ ᠴᠠᠭ᠄
2022/6/17
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ  ᠶᠢ ᠭᠤᠶᠤᠴᠢᠯᠠᠨ ᠮᠡᠳᠡᠭᠦᠯᠬᠦ  ᠶᠢ ᠵᠣᠬᠢᠶᠠᠨ ᠪᠠᠶᠢᠭᠤᠯᠬᠤ ᠲᠤᠬᠠᠢ ᠮᠡᠳᠡᠭᠳᠡᠯ ︵ᠥᠪᠥᠷ ᠲᠠᠷᠢᠶᠠᠯᠠᠩ ᠮᠠᠯ ᠵᠢᠭᠠᠰᠤᠨ ᠲᠠᠷᠬᠠᠭᠠᠭᠰᠠᠨ〔2022〕21 ᠳ᠋ᠤᠭᠡᠷ ᠲᠣᠭᠠᠲᠤ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠡᠷᠭᠦᠳᠡᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠵᠢᠭᠠᠰᠤᠨ ᠠᠵᠤ ᠠᠬᠤᠢ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠩᠬᠠᠨ ᠤ ᠬᠢᠨᠠᠯᠲᠠ ᠬᠢᠵᠦ᠂ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠨᠡᠶᠢᠭᠡᠮᠯᠢᠭ ᠤᠨ ᠤᠰᠤᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠤᠪᠢᠶᠠᠷᠢ ᠨᠡᠶᠢᠭᠡᠮᠯᠢᠭ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠳᠤ ᠪᠦᠬᠦ ᠲᠠᠯ᠎ᠠ ᠶᠢᠨ ᠦᠨᠡᠯᠡᠨ ᠵᠢᠱᠢᠬᠦ ᠪᠠᠷ ᠲᠠᠮᠵᠢᠭᠠᠳ᠂ ᠣᠷᠳᠣᠰ ᠬᠤᠲᠠ ᠶᠢᠨ ᠯᠦᠩ ᠱᠧᠩ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠪᠤᠭᠤᠲᠤ ᠬᠤᠲᠠ ᠶᠢᠨ ᠵᠧᠩ ᠰᠢᠶᠠᠩ ᠲᠡᠯᠡᠶ ᠲᠠᠩᠭᠢᠰ ᠤᠨ ᠴᠡᠴᠡᠷᠯᠢᠭ ᠤᠨ ᠬᠢᠵᠠᠭᠠᠷᠲᠤ ᠺᠣᠮᠫᠠᠨᠢ ᠶᠢᠨ ᠬᠤᠶᠠᠷ ᠨᠢᠭᠡᠴᠢ ᠠᠴᠠ ᠵᠣᠩᠬᠢᠯᠠᠬᠤ ᠣᠯᠠᠨ ᠲᠣᠭᠠᠨ ᠤ ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠨᠥᠬᠦᠴᠡᠯ ᠢ ᠬᠠᠩᠭᠠᠵᠤ᠂ ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠠᠵᠢᠯ ᠢ ᠥᠷᠨᠢᠭᠦᠯᠵᠦ ᠪᠣᠯᠬᠤ ᠶᠢ ᠮᠡᠳᠡᠷᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠪᠠᠷ ᠬᠢᠨᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠪᠡ᠃        ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠶᠢᠨ ᠨᠡᠷᠡᠰ                               ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                             ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                             2022 ᠣᠨ ᠤ 6 ᠰᠠᠷ᠎ᠠ ᠶᠢᠨ 16 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号