2022 ᠣᠨ ᠤ ᠠᠩᠬᠠᠳᠤᠭᠠᠷ ᠪᠦᠯᠦᠭ ᠤᠨ ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/6/17
      ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ︽ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠢ ᠬᠢᠨᠠᠨ ᠪᠠᠶᠢᠴᠠᠭᠠᠬᠤ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠳᠦᠷᠢᠮ︾ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠲᠤᠷᠠᠨ᠂ 2022 ᠣᠨ ᠤ 5 ᠰᠠᠷ᠎ᠠ ᠶᠢᠨ 31 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ ᠠᠩᠬ᠎ᠠ ᠤᠳᠠᠭ᠎ᠠ ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠭᠤᠶᠤᠴᠢᠯᠠᠭᠰᠠᠨ ᠥᠪᠥᠷ ᠮᠣᠩᠭᠤᠯ ᠤᠨ ᠰᠢᠨ ᠨᠤᠩ ᠵᠢᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠲᠠᠷᠢᠶᠠᠨ ᠡᠮ ᠦᠢᠯᠡᠳᠪᠦᠷᠢᠯᠡᠬᠦ ᠬᠡᠪᠴᠢᠶ᠎ᠡ ᠶᠢ ᠥᠷᠭᠡᠳᠬᠡᠭᠰᠡᠨ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠢᠨᠠᠨ ᠪᠠᠶᠢᠴᠠᠭᠠᠯᠲᠠ ᠬᠢᠭᠡᠳ ᠬᠢᠷᠢ ᠲᠡᠩᠴᠡᠭᠰᠡᠨ ᠳ᠋ᠦᠩᠨᠡᠯᠲᠡ ᠭᠠᠷᠭᠠᠬᠤ ᠪᠠᠷ ᠪᠣᠢ᠃      ᠡᠳᠦᠭᠡ ᠬᠢᠨᠠᠨ ᠪᠠᠶᠢᠴᠠᠭᠠᠭᠰᠠᠨ ᠪᠠᠶᠢᠳᠠᠯ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ  ᠨᠢ 2022 ᠣᠨ ᠤ 6 ᠰᠠᠷ᠎ᠠ ᠶᠢᠨ 17  ᠤ ᠡᠳᠦᠷ ᠠᠴᠠ 2022 ᠣᠨ ᠤ 7 ᠰᠠᠷ᠎ᠠ ᠶᠢᠨ 1 ᠤ ᠡᠳᠦᠷ ᠪᠣᠯᠲᠠᠯ᠎ᠠ ᠪᠣᠯᠤᠨ᠎ᠠ᠃ ᠬᠡᠷᠪᠡ ᠣᠨᠳᠣᠣ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠳᠤ ᠬᠠᠷᠢᠭᠤ ᠳᠤᠰᠬᠠᠭᠠᠷᠠᠢ᠃      ᠬᠠᠷᠢᠯᠴᠠᠬᠤ ᠬᠥᠮᠥᠨ᠄ ᠸᠠᠩ ᠶᠢᠩ      ᠤᠲᠠᠰᠤ \ ᠹᠠᠺᠠᠰ᠄ 0471-5169471      ᠢᠮᠧᠯ᠄ nongyaoke@126.com      ᠰᠢᠤᠳᠠᠨ ᠳ᠋ᠤᠭᠠᠷ᠄ 010010      ᠬᠠᠶ᠋ᠢᠭ᠄ ᠬᠥᠬᠡᠬᠤᠲᠠ ᠶᠢᠨ ᠣᠷᠳᠣᠰ ᠤᠨ ᠵᠡᠭᠦᠨ ᠵᠡᠭᠡᠯᠢ ᠶᠢᠨ ᠱᠠᠩ ᠳ᠋ᠦᠩ ᠣᠯᠠᠨ ᠤᠯᠤᠰ ᠤᠨ 2 ᠳ᠋ᠤᠭᠠᠷ ᠠᠰᠠᠷ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ 9 ᠳ᠋ᠤᠭᠡᠷ ᠠᠰᠠᠷ       ᠳᠠᠭᠠᠯᠳᠤᠭᠤᠯᠤᠯ᠄ 2022 ᠣᠨ ᠤ ᠠᠩᠬᠠᠳᠤᠭᠠᠷ ᠪᠦᠯᠦᠭ ᠤᠨ ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠢ ᠬᠢᠨᠠᠨ ᠪᠠᠶᠢᠴᠠᠭᠠᠭᠰᠠᠨ ᠪᠠᠶᠢᠳᠠᠯ ᠤᠨ ᠢᠯᠡ ᠨᠡᠶᠢᠲᠡᠯᠡᠯ ᠤᠨ ᠬᠦᠰᠦᠨᠦᠭᠲᠦ                               ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                             ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                             2022 ᠣᠨ ᠤ 6 ᠰᠠᠷ᠎ᠠ ᠶᠢᠨ 17 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号