ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠠᠷᠢᠶᠠᠨ ᠡᠮ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/21
      ᠬᠥᠯᠥᠨ ᠪᠤᠶᠢᠷ ᠬᠤᠲᠠ ᠶᠢᠨ ᠥᠷᠭᠡᠨ ᠣᠯᠠᠨ ᠲᠠᠷᠢᠶᠠᠴᠢᠨ ᠲᠦᠮᠡᠨ ᠤ ᠰᠢᠨᠵᠢᠯᠡᠬᠦ ᠤᠬᠠᠭᠠᠨᠴᠢ ᠠᠮᠤᠷ ᠲᠦᠪᠰᠢᠨ ᠢᠶᠠᠷ ᠡᠮ ᠬᠡᠷᠡᠭᠯᠡᠬᠦ ᠮᠡᠷᠭᠡᠵᠢᠯ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ 2022 ᠣᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠵᠦᠪᠳᠡᠯᠴᠡᠭᠡ ᠶᠢᠨ ᠡᠳᠦᠷ ᠤᠨ ᠲᠤᠬᠠᠢ ᠶᠢᠨ ᠡᠳᠦᠷ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠶᠢᠯᠠᠷ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠠᠢ ᠬᠠᠮᠲᠤᠷᠠᠨ ᠴᠢᠩᠭᠢᠰ ᠬᠠᠭᠠᠨ ᠲᠠᠯᠠᠪᠠᠶ ᠳᠤ ᠲᠠᠷᠢᠶᠠᠨ ᠡᠮ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃
图片4.png
      ᠬᠤᠲᠠ᠂ ᠲᠣᠭᠤᠷᠢᠭ ᠤᠨ ᠬᠤᠶᠠᠷ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠦᠷᠢᠮ︾᠂ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾᠂ ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠨᠵᠢᠯᠡᠬᠦ ᠤᠬᠠᠭᠠᠨᠴᠢ ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠣᠯᠠᠨ ᠲᠠᠷᠢᠶᠠᠨ ᠡᠮ ᠡᠵᠡᠩᠨᠡᠭᠴᠢ ᠬᠢᠭᠡᠳ ᠬᠡᠷᠡᠭᠯᠡᠭᠴᠢ ᠶᠢᠨ ᠠᠮᠤᠷ ᠲᠦᠪᠰᠢᠨ ᠢᠶᠠᠷ ᠡᠮ ᠬᠡᠷᠡᠭᠯᠡᠬᠦ ᠦᠵᠡᠯ ᠤᠬᠠᠮᠰᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ᠠᠷᠠᠳ ᠲᠦᠮᠡᠨ ᠢ ᠳᠡᠭᠡᠳᠦᠯᠡᠬᠦ ᠠᠮᠢ ᠨᠠᠰᠤ ᠶᠢ ᠳᠡᠭᠡᠳᠦᠯᠡᠬᠦ︾ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤᠳᠬᠠᠵᠤ᠂ ᠬᠥᠯᠥᠨ ᠪᠤᠶᠢᠷ ᠬᠤᠲᠠ ᠶᠢᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ‌ᠠᠬᠢᠭᠤᠯᠵᠤ ᠪᠠᠶᠢᠨ᠎ᠠ᠃ 
图片5.png
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号