ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ | ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠤᠯᠪᠣᠭᠳᠠᠯ | ᠪᠦᠬᠦᠢ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ᠄ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠢᠵᠦ ᠴᠢᠳᠠᠬᠤ ᠦᠭᠡᠢ ᠂ ᠰᠠᠶᠢᠲᠤᠷ ᠬᠢᠵᠦ | ᠴᠢᠳᠠᠬᠤ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠲᠦᠯᠬᠢᠨ ᠠᠬᠢᠭᠤᠯᠬᠤ ᠶᠢᠨ ᠲᠤᠰᠠᠳᠠ ᠂ ᠪᠥᠬᠦ ᠵᠢᠯ ᠤᠨ ᠠᠵᠢᠯ ᠤᠨ | ᠲᠣᠬᠢᠷᠠᠭᠤᠯᠤᠯᠲᠠ ᠶᠣᠰᠣᠭᠠᠷ ᠂ ᠮᠠᠨ ᠤ ᠲᠢᠩᠬᠢᠮ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ | ᠲᠠᠯᠠᠪᠠᠢ ᠳᠤ ᠲᠤᠭᠤᠷᠢᠨ ᠦᠵᠡᠬᠦ ᠪᠣᠯᠪᠠᠰᠤᠷᠠᠭᠤᠯᠤᠯ ᠤᠨ ᠠᠩᠭᠢ ᠡᠷᠬᠢᠯᠡᠬᠦ ᠪᠠᠷ ᠲᠥᠯᠥᠪᠯᠡᠵᠦ ᠂ ᠡᠳᠦᠭᠡ | ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠪᠡ᠃ | ᠨᠢᠭᠡ ᠂ ᠪᠣᠯᠪᠠᠰᠤᠷᠠᠭᠤᠯᠤᠯ ᠤᠨ ᠴᠠᠭ | 2022 ᠣᠨ ᠤ 7 ᠰᠠᠷ᠎ᠠ ᠶᠢᠨ 13 ︱ 7 ᠰᠠᠷ᠎ᠠ ᠶᠢᠨ 15 ᠤ ᠡᠳᠦᠷ᠂ 7 ᠰᠠᠷ᠎ᠠ ᠶᠢᠨ 13 ᠤ | ᠡᠳᠦᠷ ᠨᠡᠷ᠎ᠡ ᠮᠡᠳᠡᠭᠦᠯᠵᠦ᠂ 14 ︱ 15 ᠤ ᠡᠳᠦᠷ ᠪᠣᠯᠪᠠᠰᠤᠷᠠᠭᠤᠯᠤᠯ ᠬᠢᠵᠦ᠂ 16 ᠤ ᠡᠳᠦᠷ ᠬᠤᠷᠠᠯ | ᠲᠠᠷᠬᠠᠨ᠎ᠠ᠃ | ᠬᠤᠶᠠᠷ ᠂ ᠪᠣᠯᠪᠠᠰᠤᠷᠠᠭᠤᠯᠤᠯ ᠤᠨ ᠭᠠᠵᠠᠷ | ᠪᠣᠳᠠᠲᠤ ᠠᠵᠢᠯᠯᠠᠭᠠᠨ ᠤ ᠪᠣᠯᠪᠠᠰᠤᠷᠠᠭᠤᠯᠤᠯ ᠢ ᠬᠥᠬᠡᠬᠤᠲᠠ ᠶᠢᠨ ᠬᠤᠷᠢᠨᠭᠡᠷ ᠰᠢᠶᠠᠨ ᠂ ᠢᠦᠢ ᠴᠢᠤᠸᠠᠨ | ᠲᠣᠭᠤᠷᠢᠭ ᠲᠤ ᠲᠣᠬᠢᠷᠠᠭᠤᠯᠤᠨ᠎ᠠ ︔ ᠣᠨᠣᠯ ᠤᠨ ᠪᠣᠯᠪᠠᠰᠤᠷᠠᠭᠤᠯᠤᠯ ᠢ ᠬᠥᠬᠡᠬᠤᠲᠠ ᠶᠢᠨ ᠵᠢᠦᠢ ᠬᠤᠸᠠ | ᠪᠠᠭᠤᠳᠠᠯ ᠳᠤ ᠲᠣᠬᠢᠷᠠᠭᠤᠯᠤᠨ᠎ᠠ ᠃ | ᠭᠤᠷᠪᠠ᠂ ᠪᠣᠯᠪᠠᠰᠤᠷᠠᠭᠤᠯᠤᠯ ᠳᠤ ᠣᠷᠣᠯᠴᠠᠭᠰᠠᠳ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠬᠤᠪᠢᠳᠠᠨ ᠬᠠᠮᠢᠶᠠᠷᠴᠤ ᠪᠦᠬᠦᠢ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠤᠨ ᠪᠥᠬᠦ ᠺᠠᠳ᠋ᠷ ᠠᠵᠢᠯᠲᠠᠳ ᠂ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ | ᠲᠥᠪ ᠤᠨ ᠬᠠᠷᠢᠭᠤᠴᠠᠯᠭᠠᠲᠠᠨ︔ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠬᠢᠨᠠᠯᠲᠠ | ᠬᠠᠮᠢᠶᠠᠷᠣᠯᠲᠠ ᠶᠢᠨ ᠰᠠᠯᠠᠭ᠎ᠠ ᠶᠢᠨ ᠳᠠᠷᠤᠭ᠎ᠠ᠂ ᠠᠮᠤᠷ ᠲᠦᠪᠰᠢᠨ ᠤ ᠲᠥᠪ ᠤᠨ ᠡᠷᠬᠢᠯᠡᠭᠴᠢ︔ ᠮᠠᠨᠵᠤᠤᠷ | ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ | ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ | ᠲᠣᠪᠴᠢᠶᠠᠨ ᠳᠠᠷᠤᠭ᠎ᠠ᠂ ᠬᠢᠨᠠᠯᠲᠠ ᠬᠠᠮᠢᠶᠠᠷᠣᠯᠲᠠ ᠶᠢᠨ ᠰᠠᠯᠠᠭ᠎ᠠ ᠶᠢᠨ ᠳᠠᠷᠤᠭ᠎ᠠ ︵ᠪᠣᠳᠠᠲᠠᠢ ᠣᠷᠣᠨ ᠲᠤᠭ᠎ᠠ ᠶᠢᠨ | ᠬᠤᠪᠢᠶᠠᠷᠢᠯᠠᠯᠲᠠ ᠶᠢ ᠳᠠᠭᠠᠯᠳᠤᠭᠤᠯᠤᠯ 1 ᠳᠤ ᠦᠵᠡᠭᠡᠷᠡᠢ ︶᠃ | ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠣᠯᠭ᠎ᠠ ᠶᠢ ᠤᠷᠢᠵᠤ ᠤᠷᠤᠯᠴᠠᠭᠤᠯᠤᠨ᠎ᠠ᠃ | ᠬᠥᠬᠡᠬᠤᠲᠠ ᠨᠢ ᠲᠣᠰ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠪᠣᠯᠪᠠᠰᠤᠷᠠᠭᠤᠯᠤᠯ ᠳᠤ ᠣᠷᠤᠯᠴᠠᠬᠤ | ᠬᠥᠮᠥᠰ ᠤᠨ ᠬᠡᠪᠴᠢᠶ᠎ᠡ ᠶᠢ ᠥᠪᠡᠰᠦᠪᠡᠨ ᠲᠣᠭᠲᠠᠭᠠᠵᠤ ᠪᠣᠯᠣᠨ᠎ᠠ᠃ | ᠳᠥᠷᠪᠡ᠂ ᠪᠣᠯᠪᠠᠰᠤᠷᠠᠭᠤᠯᠤᠯ ᠤᠨ ᠠᠯᠬᠤᠮ ᠳᠠᠷᠠᠭ᠎ᠠ | ︵ᠨᠢᠭᠡ︶ ᠲᠤᠬᠠᠢ ᠶᠢᠨ ᠲᠠᠯᠠᠪᠠᠢ ᠳᠤ ᠲᠤᠭᠤᠷᠢᠨ ᠦᠵᠡᠬᠦ ᠪᠣᠯᠪᠠᠰᠤᠷᠠᠭᠤᠯᠤᠯ | 1. ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠰᠤᠷᠤᠯᠴᠠᠯᠭ᠎ᠠ ᠶᠢᠨ ᠬᠢᠨᠠᠨ ᠬᠠᠮᠢᠶᠠᠷᠤᠭᠴᠢ᠂ ᠬᠠᠪᠰᠤᠷᠤᠨ | ᠬᠠᠮᠢᠶᠠᠷᠤᠭᠴᠢ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠶᠠᠪᠤᠴᠠ ᠶᠢ ᠲᠤᠬᠠᠢ ᠶᠢᠨ ᠭᠠᠵᠠᠷ ᠲᠤ ᠨᠢ | ᠲᠣᠭᠤᠷᠢᠨ ᠦᠵᠡᠵᠦ ᠰᠣᠷᠣᠯᠴᠠᠨ᠎ᠠ ︔ | 2. ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠬᠠᠢ ᠶᠢᠨ ᠲᠠᠯᠠᠪᠠᠢ ᠳᠤ ᠪᠠᠷᠢᠮᠵᠢᠶ᠎ᠠ ᠳᠤ ᠬᠦᠷᠦᠭᠦᠯᠬᠦ | ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠭᠠᠷᠭᠠᠵᠤ ᠦᠭᠬᠦ ᠠᠵᠢᠯ ᠤᠨ ᠴᠤᠪᠤᠷᠠᠯ ᠢ ᠲᠣᠭᠤᠷᠢᠨ ᠦᠵᠡᠵᠦ | ᠰᠤᠷᠤᠯᠴᠠᠨ᠎ᠠ ᠂ ᠵᠠᠬ᠎ᠠ ᠳᠡᠯᠭᠡᠭᠦᠷ ᠤᠨ ᠲᠤᠬᠠᠢ ᠶᠢᠨ ᠭᠠᠵᠠᠷ ᠲᠤ ᠪᠠᠷᠢᠮᠵᠢᠶ᠎ᠠ ᠳᠤ ᠬᠦᠷᠦᠭᠦᠯᠬᠦ ᠠᠮᠠᠯᠠᠯᠲᠠ ᠶᠢᠨ ᠬᠢᠷᠢ | ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ ᠶᠠᠪᠤᠴᠠ ᠶᠢ ᠲᠣᠭᠤᠷᠢᠨ ᠦᠵᠡᠵᠦ ᠰᠤᠷᠤᠯᠴᠠᠨ᠎ᠠ ︔ | 3. ᠦᠢᠯᠡᠳᠪᠦᠷᠢᠯᠡᠯ ᠤᠨ ᠰᠠᠭᠤᠷᠢᠨ ᠭᠠᠵᠠᠷ ᠶᠢᠨ ᠲᠤᠬᠠᠢ ᠶᠢᠨ ᠭᠠᠵᠠᠷ ᠲᠤ ᠪᠥᠬᠦ ᠠᠵᠤ ᠦᠢᠯᠡᠰ ᠤᠨ | ᠬᠡᠯᠬᠢᠶᠡᠨ ᠤ ᠪᠠᠷᠢᠮᠵᠢᠶᠠᠵᠢᠭᠤᠯᠤᠯᠲᠠ ᠶᠢᠨ ᠠᠵᠢᠯ ᠢ ᠲᠣᠭᠤᠷᠢᠨ ᠦᠵᠡᠵᠦ ᠰᠤᠷᠤᠯᠴᠠᠨ᠎ᠠ︔ | 4. ᠢᠦᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ ᠳᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠠᠪᠤᠴᠠ ᠶᠢ ᠲᠤᠭᠤᠷᠢᠨ ᠦᠵᠡᠵᠦ | ᠰᠤᠷᠤᠯᠴᠠᠨ᠎ᠠ᠃ | ︵ᠬᠤᠶᠠᠷ︶ ᠤᠨᠤᠯ ᠤᠨ ᠪᠣᠯᠪᠠᠰᠤᠷᠠᠭᠤᠯᠤᠯ ᠤᠨ ᠰᠤᠳᠤᠯᠤᠨ ᠶᠠᠷᠢᠯᠴᠠᠬᠤ | 1. ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠪᠠᠶᠢᠴᠠᠭᠠᠨ ᠬᠡᠮᠵᠢᠬᠦ ᠲᠥᠪ ᠪᠠ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ ᠲᠣᠰ ᠲᠣᠰ ᠳᠡᠭᠡᠷ᠎ᠡ ᠬᠠᠭᠠᠰ | ᠵᠢᠯ ᠤᠨ ᠵᠤᠷᠰᠢᠯ ᠤᠨ ᠬᠢᠨᠠᠨ ᠬᠡᠮᠵᠢᠭᠰᠡᠨ ᠦᠷ᠎ᠡ ᠳ᠋ᠦᠩ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠨ᠎ᠡ᠃ | | 2. ᠪᠣᠯᠪᠠᠰᠤᠷᠠᠭᠤᠯᠤᠯ ᠳᠤ ᠣᠷᠣᠯᠴᠠᠭᠰᠠᠳ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ | ᠰᠤᠷᠤᠯᠴᠠᠭᠰᠠᠨ ᠪᠠ ᠪᠠᠶᠢᠴᠠᠭᠠᠨ ᠬᠡᠮᠵᠢᠵᠦ ᠵᠠᠳᠠᠯᠤᠨ ᠰᠤᠳᠤᠯᠵᠤ ᠮᠠᠭᠠᠳᠯᠠᠭᠰᠠᠨ ᠦᠷ᠎ᠡ ᠳ᠋ᠦᠩ ᠤᠨ ᠲᠤᠬᠠᠢ | ᠰᠤᠳᠤᠯᠤᠨ ᠶᠠᠷᠢᠯᠴᠠᠬᠤ ᠠᠵᠢᠯ ᠦᠷᠨᠢᠭᠦᠯᠦᠨ᠎ᠡ ᠃ | ᠲᠠᠪᠤ ᠂ ᠪᠤᠰᠤᠳ ᠵᠦᠢᠯᠡᠰ | ︵ᠨᠢᠭᠡ︶ ᠲᠣᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠶᠢ ᠬᠥᠬᠡᠬᠤᠲᠠ ᠶᠢᠨ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠳᠤ ᠨᠠᠶᠢᠳᠠᠵᠤ ᠪᠣᠳᠠᠲᠠᠢ ᠪᠠᠷ ᠳᠠᠭᠠᠭᠠᠨ ᠬᠢᠯᠭᠡᠨ᠎ᠡ ᠂ | ᠵᠠᠷᠤᠳᠠᠯ ᠢ ᠨᠢᠭᠡᠨᠲᠡ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ ᠳᠤ ᠰᠢᠯᠵᠢᠭᠦᠯᠦᠨ ᠦᠭᠴᠡᠢ ᠂ ᠵᠠᠷᠤᠳᠠᠯ ᠢ ᠭᠤᠣᠯᠳᠠᠭᠤ ᠲᠤᠬᠠᠢ ᠶᠢᠨ ᠲᠠᠯᠠᠪᠠᠢ ᠳᠤ | ᠲᠤᠭᠤᠷᠢᠨ ᠦᠵᠡᠬᠦ ᠲᠥᠰᠥᠯ ᠢ ᠵᠢᠷᠤᠵᠤ ᠲᠥᠯᠥᠪᠯᠡᠬᠦ ᠵᠢᠴᠢ ᠵᠢᠷᠤᠭᠲᠤ ᠳᠡᠪᠲᠡᠷ ᠢ ᠵᠢᠷᠤᠵᠤ ᠲᠥᠯᠥᠪᠯᠡᠨ | ᠦᠶᠯᠡᠳᠬᠦ᠂ ᠳᠠᠷᠤᠮᠠᠯᠯᠠᠨ ᠦᠶᠯᠡᠳᠬᠦ᠂ ᠦᠵᠡᠭᠦᠯᠭᠡ ᠶᠢᠨ ᠰᠠᠮᠪᠠᠷ᠎ᠠ ᠶᠢ ᠪᠠᠶᠢᠷᠢᠯᠠᠭᠤᠯᠬᠤ᠂ ᠤᠬᠠᠭᠤᠯᠭ᠎ᠠ ᠶᠢᠨ ᠹᠢᠯᠢᠮ | ᠦᠶᠯᠡᠳᠬᠦ᠂ ᠲᠠᠶᠢᠰᠠᠨ ᠤ ᠴᠣᠭᠴᠠᠯᠠᠯᠲᠠ᠂ LED ᠳᠡᠯᠭᠡᠴᠡ᠂ ᠳ᠋ᠧᠩ ᠤᠨ ᠬᠡᠷᠡᠯ ᠵᠢᠷᠤᠭ ᠠᠪᠬᠤ᠂ ᠬᠡᠲᠦ | ᠳᠡᠯᠭᠡᠭᠦᠷ ᠤᠨ ᠦᠵᠡᠭᠦᠯᠬᠡ ᠂ ᠬᠤᠨᠤᠭ ᠤᠨ ᠵᠠᠷᠤᠳᠠᠯ ᠬᠤᠭᠤᠯᠠᠨ ᠤ ᠵᠠᠷᠤᠳᠠᠯ ᠵᠡᠷᠭᠡ ᠳᠤ ᠬᠡᠷᠡᠭᠯᠡᠨ᠎ᠡ᠃ | ︵ᠬᠤᠶᠠᠷ︶ ᠡᠯ᠎ᠡ ᠠᠶᠢᠮᠠᠭ ᠬᠤᠲᠠ ᠨᠤᠭᠤᠳ ᠪᠣᠯᠪᠠᠰᠤᠷᠠᠭᠤᠯᠤᠯ ᠤᠨ ᠠᠩᠭᠢ ᠶᠢᠨ ᠬᠤᠷᠠᠯ ᠳᠤ ᠤᠷᠤᠯᠴᠠᠬᠤ | ᠬᠠᠷᠢᠭᠤ ᠪᠠᠷᠢᠮᠲᠠ ︵ᠳᠠᠭᠠᠯᠳᠤᠭᠤᠯᠤᠯ 2︶ ᠶᠢ 6 ᠰᠠᠷ᠎ᠠ ᠶᠢᠨ 30 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠤᠨ ᠢᠮᠧᠯ ᠳᠤ ᠶᠠᠪᠤᠭᠤᠯᠤᠭᠠᠷᠠᠢ ᠂ ᠪᠣᠯᠪᠠᠰᠤᠷᠠᠭᠤᠯᠤᠯ ᠤᠨ ᠣᠷᠣᠨ ᠲᠤᠭ᠎ᠠ ᠶᠢ ᠴᠢᠩᠭ᠎ᠠ | ᠵᠢᠷᠤᠮᠯᠠᠨ ᠤᠷᠤᠯᠴᠠᠭᠤᠯᠵᠤ ᠂ ᠣᠷᠣᠨ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ | ︵ᠭᠤᠷᠪᠠ︶ ᠵᠥᠪᠳᠡᠯᠴᠡᠨ ᠵᠠᠳᠠᠯᠬᠤ ᠶᠢ ᠡᠭᠦᠷᠭᠡᠯᠡᠬᠦ ᠨᠢᠭᠡᠴᠢ ᠨᠢ PPT ᠪᠠᠨ ᠤᠷᠢᠳᠴᠢᠯᠡᠨ | ᠪᠡᠯᠡᠳᠬᠡᠬᠦ ᠶᠢᠨ ᠬᠠᠮᠲᠤ 7 ᠰᠠᠷ᠎ᠠ ᠶᠢᠨ 10 ᠤ ᠡᠳᠦᠷ ᠠᠴᠠ ᠡᠮᠦᠨ᠎ᠡ ᠬᠢᠨᠡᠯᠲᠡ ᠬᠠᠮᠢᠶᠠᠷᠣᠯᠲᠠ ᠶᠢᠨ ᠭᠠᠵᠠᠷ ᠤᠨ | ᠢᠮᠧᠯ ᠳᠤ ᠶᠠᠪᠤᠭᠤᠯᠤᠭᠠᠷᠠᠢ᠃ | ︵ ᠳᠥᠷᠪᠡ ︶ ᠲᠤᠰ ᠤᠳᠠᠭᠠᠨ ᠤ ᠪᠤᠯᠪᠠᠰᠤᠷᠠᠭᠤᠯᠤᠯ ᠳᠤ ᠬᠤᠭᠤᠯᠠ ᠬᠤᠨᠤᠭ ᠢ ᠨᠢᠭᠡᠳᠦᠯᠲᠡᠢ | ᠲᠣᠬᠢᠷᠠᠭᠤᠯᠤᠨ᠎ᠠ᠂ ᠨᠠᠭᠠᠰᠢ ᠴᠠᠭᠠᠰᠢ ᠶᠠᠪᠤᠬᠤ ᠵᠠᠮ ᠬᠠᠷᠢᠯᠴᠠᠭᠠᠨ ᠤ ᠵᠠᠷᠤᠳᠠᠯ ᠢ ᠥᠪᠡᠷ ᠢᠶᠠᠨ ᠰᠢᠢᠳᠪᠦᠷᠢᠯᠡᠨ᠎ᠡ᠃ | ᠵᠢᠷᠭᠤᠭ᠎ᠠ ᠂ ᠬᠢᠵᠢᠭ ᠤᠨ ᠰᠡᠷᠭᠡᠶᠢᠯᠡᠯᠲᠡ ᠶᠢᠨ ᠱᠠᠭᠠᠷᠳᠠᠯᠭ᠎ᠠ | ᠪᠣᠯᠪᠠᠰᠤᠷᠠᠭᠤᠯᠤᠯ ᠳᠤ ᠣᠷᠣᠯᠴᠠᠭᠰᠠᠨ ᠪᠣᠶ ᠪᠦᠬᠦᠢ ᠬᠥᠮᠥᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠬᠢᠨᠠᠨ ᠪᠠᠶᠢᠴᠠᠭᠠᠬᠤ᠂ | ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠣᠯᠪᠠᠰᠤᠷᠠᠭᠤᠯᠤᠯ ᠤᠨ ᠬᠤᠭᠤᠴᠠᠭᠠᠨ ᠳᠤ ᠠᠮᠠᠪᠴᠢ ᠵᠡᠭᠦᠬᠦ | ᠬᠡᠷᠡᠭᠲᠡᠢ᠃ ᠬᠡᠷᠪᠡ ᠬᠤᠷᠠᠯ ᠳᠤ ᠣᠷᠤᠯᠴᠠᠬᠤ ᠠᠴᠠ ᠡᠮᠦᠨ᠎ᠡ 14 ᠡᠳᠦᠷ ᠤᠨ ᠳᠣᠲᠣᠷ᠎ᠠ ᠠᠭᠤᠰᠬᠢᠨ | ᠦᠷᠪᠢᠰᠦᠯ ᠤᠨ ᠰᠡᠵᠢᠭᠲᠡᠢ ᠰᠢᠨ᠎ᠡ ᠡᠪᠡᠳᠴᠢᠨ ᠤ ᠪᠠᠶᠢᠳᠠᠯ᠂ ᠬᠢᠵᠢᠭ ᠤᠨ ᠪᠠᠶᠢᠳᠠᠯ ᠤᠨ ᠳᠤᠮᠳᠠ ᠠᠶᠤᠯ | ᠲᠦᠭᠰᠢᠭᠦᠷᠢ ᠶᠡᠬᠡᠲᠡᠢ ᠭᠠᠵᠠᠷ ᠣᠷᠣᠨ ᠤ ᠬᠥᠮᠥᠰ ᠲᠠᠢ ᠣᠶᠢᠷᠠᠲᠤᠭᠰᠠᠨ ᠦᠩᠭᠡᠷᠡᠯᠲᠡ ᠲᠠᠢ᠂ ᠬᠢᠵᠢᠭ ᠤᠨ | ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠳᠤ ᠰᠠᠭᠤᠭᠰᠠᠨ ᠦᠩᠭᠡᠷᠡᠯᠲᠡ ᠪᠠ ᠪᠤᠰᠤᠳ | ᠶᠠᠮᠠᠷᠪᠠ ᠰᠡᠵᠢᠭᠲᠡᠢ ᠪᠠᠶᠢᠳᠠᠯ ᠲᠠᠢ ᠪᠠᠶᠢᠪᠠᠯ᠂ ᠪᠣᠯᠪᠠᠰᠤᠷᠠᠭᠤᠯᠤᠯ ᠳᠤ ᠤᠷᠤᠯᠴᠠᠭᠰᠠᠳ ᠢ ᠪᠠᠨ ᠴᠠᠭ ᠲᠤᠬᠠᠢ ᠳᠤ ᠨᠢ | ᠰᠣᠯᠢᠬᠤ ᠬᠡᠷᠡᠭᠲᠡᠢ᠃ ᠣᠷᠣᠰᠢᠨ ᠰᠠᠭᠤᠭ᠎ᠠ ᠭᠠᠵᠠᠷ ᠨᠢ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠣᠷᠣᠨ | ᠪᠤᠶᠤ ᠪᠢᠲᠡᠭᠦᠮᠵᠢᠯᠡᠨ ᠡᠵᠡᠮᠳᠡᠬᠦ ᠣᠷᠣᠨ ᠳᠤ ᠪᠠᠶᠢᠪᠠᠯ᠂ ᠪᠣᠯᠪᠠᠰᠤᠷᠠᠭᠤᠯᠤᠯ ᠳᠤ ᠣᠷᠣᠯᠴᠠᠵᠤ ᠪᠣᠯᠬᠤ ᠦᠭᠡᠢ᠃ | ᠳᠣᠯᠤᠭ᠎ᠠ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠄ ᠾᠧᠦ ᠱᠤᠸᠠᠢ᠂ ᠹᠦ᠋ ᠬᠤᠶ | ᠬᠠᠷᠢᠯᠴᠠᠬᠤ ᠤᠲᠠᠰᠤ᠄ 0471- 6652285 | ᠢᠮᠧᠯ᠄ nmgnmtjgc@163.com | ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠰᠤᠬᠤᠨ ᠮᠠᠯᠵᠢᠬᠤ ᠤᠷᠤᠨ ᠤ | ᠲᠣᠪᠴᠢᠶ᠎ᠠ ᠶᠢᠨ ᠬᠢᠨᠠᠯᠲᠠ ᠬᠠᠮᠢᠶᠠᠷᠣᠯᠲᠠ ᠶᠢᠨ ᠰᠠᠯᠠᠭ᠎ᠠ᠄ ᠯᠠᠨ ᠸᠧᠨ ᠺᠦᠢ | ᠬᠠᠷᠢᠯᠴᠠᠬᠤ ᠤᠲᠠᠰᠤ᠄ 0471- 4369565 | ᠬᠥᠬᠡᠬᠤᠲᠠ ᠶᠢᠨ ᠵᠢᠦᠢ ᠬᠤᠸᠠ ᠪᠠᠭᠤᠳᠠᠯ ᠤᠨ ᠡᠮᠦᠨ᠎ᠡ ᠲᠠᠪᠴᠠᠩ᠄ 3288888 | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 20 | ᠳ᠋ᠤᠭᠠᠷ ᠨᠣᠮᠧᠷ | | ᠳᠠᠭᠠᠯᠳᠤᠭᠤᠯᠤᠯ 1 ᠄ ᠲᠤᠬᠠᠢ ᠶᠢᠨ ᠲᠠᠯᠠᠪᠠᠢ ᠳᠤ ᠲᠤᠭᠤᠷᠢᠨ ᠦᠵᠡᠬᠦ ᠪᠣᠯᠪᠠᠰᠤᠷᠠᠭᠤᠯᠤᠯ ᠤᠨ ᠠᠩᠭᠢ ᠶᠢᠨ | ᠠᠶᠢᠮᠠᠭ ᠬᠤᠲᠠ ᠶᠢᠨ ᠬᠤᠷᠠᠯ ᠳᠤ ᠣᠷᠤᠯᠴᠠᠬᠤ ᠣᠷᠣᠨ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ | ᠳᠠᠭᠠᠯᠳᠤᠭᠤᠯᠤᠯ 2 ᠄ ᠲᠤᠬᠠᠢ ᠶᠢᠨ ᠲᠠᠯᠠᠪᠠᠢ ᠶᠢᠨ ᠲᠤᠭᠤᠷᠢᠨ ᠦᠵᠡᠬᠦ ᠪᠣᠯᠪᠠᠰᠤᠷᠠᠭᠤᠯᠤᠯ ᠤᠨ ᠠᠩᠭᠢ ᠶᠢᠨ | ᠬᠤᠷᠠᠯ ᠳᠤ ᠣᠷᠣᠯᠴᠠᠬᠤ ᠬᠠᠷᠢᠭᠤ ᠪᠠᠷᠢᠮᠲᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠰᠤᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠭᠡᠷ | 2022 ᠣᠨ ᠤ 6 ᠰᠠᠷ᠎ᠠ ᠶᠢᠨ 16 ᠤ ᠡᠳᠦᠷ | | | |