ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠪᠠᠶᠠᠨᠨᠠᠭᠤᠷ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠤᠨ ᠬᠡᠷᠡᠭᠯᠡᠭᠡᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠮᠡᠷᠭᠡᠵᠢᠯ ᠤᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2022/6/22
      6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠳᠡᠳ᠋ ᠳᠠᠷᠤᠭ᠎ᠠ ᠪᠠᠢ ᠵᠢᠦᠢ ᠼᠠᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠵᠠᠬ᠎ᠠ ᠳᠡᠯᠭᠡᠭᠦᠷ ᠤᠨ ᠭᠠᠵᠠᠷ ᠤᠨ ᠳᠡᠳ᠋ ᠳᠠᠷᠤᠭ᠎ᠠ ᠦ᠋ ᠪᠢᠩ ᠴᠢᠤᠸᠠᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠸᠠᠩ ᠱᠧᠩ ᠹᠦ᠋᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠸᠠᠩ ᠭᠦᠸᠧ ᠶᠢᠩ ᠨᠠᠷ᠂ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠰᠢᠶᠠᠨ ᠨᠦᠩ ᠲᠦᠬᠦᠭᠡᠷᠦᠮᠵᠢᠳᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠤᠨ ᠬᠡᠷᠡᠭᠯᠡᠭᠡᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠳᠠᠷᠤᠭ᠎ᠠ ᠤᠣ ᠯᠢᠨ ᠬᠦ᠋᠂ ᠳᠡᠳ᠋ ᠲᠣᠪᠴᠢᠶᠠᠨ ᠳᠠᠷᠤᠭ᠎ᠠ ᠰᠢᠨ ᠵᠢᠶᠦ᠋ᠨ᠂ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠯᠢᠦ ᠱᠤᠸᠠᠩ ᠫᠢᠩ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠣᠳᠤᠯᠪᠠ᠃
图片1.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠣᠳᠣᠬᠠᠨ ᠳᠤ ᠪᠠᠶᠢᠭᠤᠯᠵᠤ ᠪᠠᠶᠢᠭ᠎ᠠ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠷᠳᠣᠭᠤᠷ ᠣᠷᠣᠭᠤᠯᠬᠤ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ︾ ᠤᠨ ᠪᠡᠯᠡᠳᠬᠡᠮᠵᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠳ᠋ᠠ ᠲᠢᠶᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠶᠤᠨᠲᠤ ᠬᠦᠯᠡᠮᠵᠢ ᠶᠢᠨ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠵᠦ ᠨᠠᠷᠢᠨ ᠨᠢᠮᠪᠠᠢ ᠣᠶᠢᠯᠠᠭᠠᠵᠤ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠲᠤᠬᠠᠢ ᠶᠢᠨ ᠲᠠᠯᠠᠪᠤᠷ ᠲᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠮᠡᠷᠭᠡᠵᠢᠯ ᠤᠨ ᠲᠠᠶᠢᠯᠤᠮᠵᠢ ᠬᠢᠪᠡ᠃ ᠣᠳᠣᠬᠠᠨ ᠳᠤ ᠬᠤᠶᠠᠷ ᠲᠤᠮᠤ ᠬᠠᠳᠠᠭᠠᠯᠠᠬᠤ ᠰᠠᠪᠠ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠣᠶᠢᠷ᠎ᠠ ᠶᠢᠨ ᠬᠤᠭᠤᠴᠠᠭᠠᠨ ᠠᠴᠠ ᠡᠬᠢᠯᠡᠨ ᠬᠡᠷᠡᠭᠯᠡᠬᠦ ᠪᠣᠯᠣᠨ᠎ᠠ᠃
图片2.png
       ᠳᠠᠷᠠᠭ᠎ᠠ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠤᠨ ᠬᠡᠷᠡᠭᠯᠡᠭᠡᠨ ᠤ ᠮᠡᠷᠭᠡᠵᠢᠯ ᠤᠨ ᠲᠠᠶᠢᠯᠤᠮᠵᠢ ᠬᠢᠵᠦ᠂ ᠪᠠᠶᠠᠨᠨᠠᠭᠤᠷ ᠬᠤᠳᠠ᠂ ᠯᠢᠨ ᠾᠧ ᠲᠣᠭᠤᠷᠢᠭ ᠤᠨ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ᠂ ᠰᠢᠶᠠᠩ ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠦᠷᠳᠡᠭᠡ᠂ ᠲᠠᠷᠢᠮᠠᠯ ᠤᠨ ᠲᠣᠮᠣ ᠡᠷᠦᠬᠡ ᠵᠡᠷᠭᠡ 100 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠪᠠ᠃ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠣᠷᠳᠣᠭᠤᠷ ᠤᠨ ᠲᠠᠷᠢᠮᠠᠯ ᠳᠤ ᠦᠵᠡᠭᠦᠯᠬᠦ ᠦᠢᠯᠡᠳᠦᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠣᠷᠳᠣᠭᠤᠷ ᠢ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠵᠢᠴᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠢ ᠪᠣᠳᠠᠲᠠᠢ ᠬᠡᠷᠡᠭᠯᠡᠬᠦ ᠠᠷᠭ᠎ᠠ ᠵᠡᠷᠭᠡ ᠭᠤᠷᠪᠠᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠪᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠢ ᠬᠡᠷᠡᠭᠯᠡᠬᠦ ᠨᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠯᠤᠲᠤ ᠶᠡᠭᠡ ᠦᠢᠯᠡᠳᠦᠯ ᠦᠵᠡᠭᠦᠯᠬᠦ ᠪᠠᠷ ᠪᠠᠷᠠᠬᠤ ᠦᠭᠡᠢ᠂ ᠠᠮᠤ ᠪᠤᠳᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠢᠴᠢ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠤᠣ ᠯᠢᠨ ᠬᠦ᠋ ᠴᠢᠬᠤᠯᠠᠴᠢᠯᠠᠭᠰᠠᠨ ᠨᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠢ ᠠᠰᠢᠭᠯᠠᠬᠤ ᠪᠣᠯ ᠲᠠᠷᠢᠶᠠᠯᠠᠩ ᠤᠨ ᠬᠦᠷᠢᠶ᠎ᠡ ᠴᠠᠷᠠᠭᠠᠨ ᠳᠠᠬᠢ ᠨᠢᠭᠡ ᠵᠦᠢᠯ ᠤᠨ ᠮᠡᠷᠭᠡᠵᠢᠯ ᠤᠨ ᠬᠤᠪᠢᠰᠬᠠᠯ ᠮᠥᠨ᠂ ᠪᠢᠳᠡ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠢ ᠪᠦᠲᠦᠭᠡᠨ ᠪᠠᠶᠢᠭᠤᠯᠬᠤ ᠪᠠ ᠬᠡᠷᠡᠭᠯᠡᠬᠦ ᠲᠤᠷᠰᠢᠯᠲᠠ ᠶᠢᠨ ᠲᠥᠷᠥᠯ ᠵᠦᠢᠯ︾ ᠢ ᠰᠠᠶᠢᠲᠤᠷ ᠠᠳᠬᠤᠬᠤ ᠶᠢᠨ ᠬᠠᠮᠲᠤ ᠨᠢᠭᠡ ᠪᠦᠯᠦᠭ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠶᠢᠵᠢᠭᠦᠯᠦᠭᠰᠡᠨ ᠪᠣᠷᠳᠣᠭᠤᠷ ᠢ ᠠᠰᠢᠭᠯᠠᠬᠤ ᠪᠠ ᠬᠡᠷᠡᠭᠯᠡᠬᠦ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号