ᠠᠩᠬᠠᠳᠤᠭᠠᠷ ᠬᠤᠭᠤᠴᠠᠭᠠᠨ ᠤ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠤ ᠬᠦᠭᠵᠢᠨ ᠮᠠᠨᠳᠤᠯᠳᠠ ᠳᠤ ᠦᠢᠯᠡᠴᠢᠯᠡᠬᠦ ︽ᠨᠠᠷᠠᠲᠤ ᠬᠢᠴᠢᠶᠡᠯ ᠠᠯᠳᠠᠷᠲᠦ ᠪᠠᠭᠰᠢ︾ ᠶᠢ ᠲᠤᠰᠠᠯᠠᠬᠤ ᠲᠥᠷᠥᠯ ᠵᠦᠢᠯ ᠢ ᠲᠠᠨᠢᠯᠴᠠᠭᠤᠯᠬᠤ ᠪᠠᠷ ᠪᠠᠶᠢᠭ᠎ᠠ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/6/22
      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠤ ᠠᠩᠬᠠᠳᠤᠭᠠᠷ ᠬᠤᠭᠤᠴᠠᠭᠠᠨ ᠤ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠤ ᠬᠦᠭᠵᠢᠨ ᠮᠠᠨᠳᠤᠯᠳᠠ ᠳᠤ ᠦᠢᠯᠡᠴᠢᠯᠡᠬᠦ ︿ᠨᠠᠷᠠᠲᠤ ᠬᠢᠴᠢᠶᠡᠯ ᠠᠯᠳᠠᠷᠲᠦ ᠪᠠᠭᠰᠢ﹀ ᠶᠢ ᠲᠤᠰᠠᠯᠠᠬᠤ ᠲᠥᠷᠥᠯ ᠵᠦᠢᠯ ᠤᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠰᠢᠨᠵᠢᠯᠡᠬᠦ ᠤᠬᠠᠭᠠᠨ ︵ᠰᠤᠷᠭᠠᠨ ᠬᠥᠮᠦᠵᠢᠯ︶ ᠵᠠᠬᠢᠳᠠᠯ ﹇2022﹈ 8 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤ ᠰᠢᠶᠠᠨ ᠤ ᠵᠣᠬᠢᠶᠠᠨ ᠪᠠᠶᠢᠭᠤᠯᠤᠯᠲᠠ ᠶᠢᠨ ᠰᠢᠭᠰᠢᠨ ᠰᠣᠩᠭᠤᠬᠤ᠂ ᠠᠶᠢᠮᠠᠭ ᠬᠤᠲᠠ ᠶᠢᠨ ᠰᠢᠯᠢᠳᠡᠭ ᠢ ᠨᠢ ᠰᠣᠩᠭᠤᠨ ᠲᠠᠨᠢᠯᠴᠠᠭᠤᠯᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠳᠦᠭᠡ ᠦᠷ᠎ᠡ ᠳ᠋ᠦᠩ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 6 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 27 ᠤ ᠡᠳᠦᠷ ᠪᠣᠯᠲᠠᠯ᠎ᠠ ᠪᠣᠯᠣᠨ᠎ᠠ᠂ ᠬᠡᠷᠪᠡ ᠣᠨᠳᠣᠣ ᠰᠠᠨᠠᠯ ᠲᠠᠢ ᠪᠣᠯ᠂ ᠦᠨᠡᠨ ᠨᠡᠷ᠎ᠡ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ ᠲᠤ ᠳᠤᠰᠬᠠᠭᠠᠷᠠᠢ᠂ ᠪᠠᠶᠢᠳᠠᠯ ᠢᠶᠠᠨ ᠲᠤᠰᠬᠠᠬᠤ ᠳᠤ ᠪᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃      ᠬᠠᠷᠢᠯᠴᠠᠬᠤ ᠬᠥᠮᠥᠨ᠄ ᠶᠠᠩ ᠬᠤᠩ ᠮᠧᠶ      ᠬᠠᠷᠢᠯᠴᠠᠬᠤ ᠤᠲᠠᠰᠤ᠄ 0471-6652061       ᠳᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠤ ᠬᠦᠭᠵᠢᠨ ᠮᠠᠨᠳᠤᠯ ᠳᠤ ᠦᠢᠯᠡᠴᠢᠯᠡᠬᠦ ︽ᠨᠠᠷᠠᠲᠤ ᠬᠢᠴᠢᠶᠡᠯ ᠠᠯᠳᠠᠷᠲᠦ ᠪᠠᠭᠰᠢ︾ ᠶᠢ ᠲᠤᠰᠠᠯᠠᠬᠤ ᠲᠥᠷᠥᠯ ᠵᠦᠢᠯ ᠤᠨ ᠲᠠᠨᠢᠯᠴᠠᠭᠤᠯᠭ᠎ᠠ ᠶᠢᠨ ᠬᠤᠷᠢᠶᠠᠩᠭᠤᠢ ᠬᠦᠰᠦᠨᠦᠭᠲᠦ                            ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                          ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                          2022 ᠣᠨ ᠤ 6 ᠰᠠᠷ᠎ᠠ ᠶᠢᠨ 21 ᠤᠨ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号