2022 ᠣᠨ ᠤ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ︵ᠬᠠᠪᠤᠷ ᠤᠨ ᠤᠯᠠᠷᠢᠯ︶ ᠤᠨ ᠲᠠᠷᠢᠶᠠᠯᠠᠩ ᠤᠨ ᠮᠠᠰᠢᠨ ᠮᠧᠬᠠᠨᠢᠭ ᠤᠨ ᠦᠵᠡᠰᠬᠦᠯᠡᠩ ᠡᠬᠢᠯᠡᠯ᠎ᠠ
ᠨᠡᠶᠢᠲᠡᠯᠡᠭᠰᠡᠨ ᠴᠠᠭ᠄
2022/6/22
      6 ᠰᠠᠷ᠎ᠠ ᠶᠢᠨ 18 ᠤ ᠦᠳᠡ ᠶᠢᠨ ᠡᠮᠦᠨ᠎ᠡ᠂ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠬᠳᠠᠬᠤ 2022 ᠣᠨ ᠤ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ︵ᠬᠠᠪᠤᠷ ᠤᠨ ᠤᠯᠠᠷᠢᠯ︶  ᠤᠨ ᠲᠠᠷᠢᠶᠠᠯᠠᠩ ᠤᠨ ᠮᠠᠰᠢᠨ ᠮᠧᠬᠠᠨᠢᠭ ᠤᠨ ᠦᠵᠡᠰᠬᠦᠯᠡᠩ ᠪᠠᠶᠠᠨᠨᠠᠭᠤᠷ ᠬᠤᠲᠠ ᠶᠢᠨ ᠯᠢᠨᠾᠧ ᠲᠤᠭᠤᠷᠢᠭ ᠤᠨ ᠲᠠᠪᠤᠨ ᠲᠠᠷᠢᠶᠠᠨ ᠤ ᠬᠤᠳᠠ ᠬᠤᠷᠠᠯ ᠦᠵᠡᠰᠬᠦᠯᠡᠩ ᠤᠨ ᠲᠦᠪ ᠲᠤ ᠡᠬᠢᠯᠡᠪᠡ᠃      ᠦᠵᠡᠰᠬᠦᠯᠡᠩ ᠤᠨ ᠲᠤᠬᠠᠶ ᠶᠢᠨ ᠲᠠᠯᠠᠪᠠᠶ ᠳᠤ᠂ ᠡᠯ᠎ᠡ ᠵᠦᠢᠯ ᠤᠨ ᠲᠠᠷᠢᠶᠠᠯᠠᠩ ᠤᠨ ᠮᠠᠰᠢᠨ ᠪᠠᠭᠠᠵᠢ ᠤᠯᠠᠨ ᠤ ᠠᠩᠬᠠᠷᠤᠯ ᠢ ᠲᠡᠳᠡᠨ ᠲᠡᠯᠭᠡᠭᠳᠡᠵᠦ᠂ ᠲᠠᠷᠢᠶᠠᠯᠠᠩ ᠤᠨ ᠮᠠᠰᠢᠨ ᠤ ᠠᠵᠢᠯ ᠤᠨ ᠡᠯ᠎ᠡ ᠭᠤᠭᠴᠤᠭ᠎ᠠ ᠶᠢ ᠬᠠᠮᠤᠷᠴᠤ᠂ ᠲᠠᠷᠢᠮᠠᠯ ᠤᠨ ᠵᠦᠢᠯ ᠤᠨ ᠲᠠᠷᠢᠶᠠᠯᠠᠭ᠎ᠠ ᠠᠴᠠ ᠲᠠᠷᠢᠶᠠᠨ ᠭᠠᠵᠠᠷ ᠤᠨ ᠬᠠᠮᠢᠶᠠᠷᠤᠯᠲᠠ᠂ ᠬᠤᠷᠢᠶᠠᠯᠲᠠ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡ᠂ ᠰᠢᠭᠰᠢᠨ ᠰᠣᠩᠭᠤᠵᠤ ᠡᠳ᠋ᠰᠢᠭᠦᠯᠬᠦ᠂ ᠬᠠᠳᠠᠭᠠᠬᠤ ᠬᠦᠷᠲᠡᠯ᠎ᠡ᠂ ᠳᠠᠬᠢᠭᠠᠳ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠡᠪᠡᠰᠦ ᠪᠣᠷᠳᠤᠭ᠎ᠠ ᠶᠢ ᠬᠡᠮᠬᠡᠯᠦᠨ ᠡᠳ᠋ᠰᠢᠭᠦᠯᠬᠦ ᠵᠢᠴᠢ ᠪᠣᠷᠳᠤᠭ᠎ᠠ ᠣᠷᠣᠭᠤᠯᠬᠤ ᠵᠡᠷᠭᠡ ᠨᠡᠶᠢᠲᠡ 10 ᠶᠡᠭᠡ ᠲᠥᠷᠥᠯ᠂ 30 ᠵᠢᠵᠢᠭ ᠲᠥᠷᠥᠯ᠂ 3000 ᠭᠠᠷᠤᠶ ᠵᠦᠢᠯ ᠤᠨ ᠲᠠᠷᠢᠶᠠᠯᠠᠩ ᠤᠨ ᠮᠠᠰᠢᠨ ᠪᠠᠭᠠᠵᠢ ᠪᠠᠶᠢᠵᠤ᠂ ᠡᠷᠬᠢᠨ ᠲᠤᠭᠤᠷᠢᠨ ᠤ ᠬᠤᠰᠢᠭᠤ ᠰᠢᠶᠠᠨ ᠲᠤᠭᠤᠷᠢᠭ ᠠᠴᠠ ᠬᠦᠷᠦᠯᠴᠡᠨ ᠢᠷᠡᠭᠰᠡᠨ ᠮᠠᠯᠴᠢᠨ ᠲᠠᠷᠢᠶᠠᠴᠢᠨ᠂ ᠲᠠᠷᠢᠶᠠᠯᠠᠩ ᠤᠨ ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠦᠪᠡᠷ ᠤᠨ ᠭᠡᠷᠡᠭᠴᠡᠭᠡ ᠪᠠᠨ ᠦᠨᠳᠤᠰᠤᠯᠡᠨ ᠲᠣᠬᠢᠷᠠᠮᠵᠢᠲᠠᠶ ᠮᠠᠰᠢᠨ ᠮᠧᠬᠠᠨᠢᠭ ᠢᠶᠠᠨ ᠰᠢᠯᠢᠨ ᠰᠣᠩᠭᠤᠵᠠᠭᠠᠵᠤ ᠪᠠᠶᠢᠯ᠎ᠠ᠃       ᠳ᠋ᠧᠩᠺᠸᠦ ᠰᠢᠶᠠᠨ ᠤ ᠹᠦ᠋ ᠬᠤᠸᠠ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠵᠤᠤ ᠶᠦᠨ ᠯᠢᠨ ᠲᠠᠷᠢᠶᠠᠯᠠᠩ ᠤᠨ ᠮᠠᠰᠢᠨ ᠰᠤᠩᠭᠤᠬᠤ ᠶᠢᠨ ᠳᠠᠭᠠᠤ᠄ ︽ᠮᠠᠨ ᠤ ᠬᠤᠷᠰᠢᠶ᠎ᠠ ᠶᠢᠨ ᠡᠵᠡᠩᠨᠡᠵᠤ ᠪᠠᠶᠢᠭ᠎ᠠ ᠮᠠᠰᠢᠨ ᠮᠧᠬᠠᠨᠢᠬ ᠤᠨ ᠲᠦᠷᠦᠯ ᠵᠦᠢᠯ ᠤᠯᠠᠨ᠂ ᠲᠠᠷᠢᠮᠠᠯ ᠤᠨ ᠲᠠᠯᠠᠪᠠᠢ ᠴᠤ ᠨᠡᠯᠢᠶᠡᠳ ᠶᠡᠭᠡ᠂ ᠨᠢᠳᠤᠨᠤᠨ ᠪᠢ ᠲᠢᠶᠠᠨ ᠯᠠᠩ ᠺᠤᠮᠫᠠᠨᠢ ᠠᠴᠠ ᠨᠢᠭᠡᠨ ᠰᠠᠤᠷᠢ ᠡᠪᠡᠰᠦ ᠪᠣᠭᠤᠵᠢᠯᠠᠬᠤ ᠮᠠᠰᠢᠨ ᠬᠤᠳᠠᠯᠳᠤᠨ ᠠᠪᠤᠬᠰᠠᠨ ᠶᠤᠮ᠂ ᠬᠡᠷᠡᠭᠯᠡᠬᠦ ᠳᠤ ᠨᠡᠯᠢᠶᠡᠳ ᠰᠠᠶᠢᠨ᠂ ᠡᠨᠡ ᠵᠢᠯ ᠲᠤᠰᠬᠠᠶᠢᠯᠠᠨ ᠡᠨᠡ ᠬᠦ ᠲᠦᠷᠦᠯ ᠵᠦᠢᠯ ᠢ ᠲᠣᠭᠤᠷᠢᠨ ᠦᠵᠡᠵᠦ ᠪᠠᠶᠢᠴᠠᠭᠠᠬᠤ ᠪᠠᠷ ᠢᠷᠡᠭᠰᠡᠨ ᠶᠤᠮ᠂ ᠲᠠᠬᠢᠭᠠᠳ ᠬᠡᠳᠦᠨ ᠬᠡᠷᠡᠭᠴᠡᠭᠡ ᠲᠠᠢ ᠬᠡᠰᠡᠨ ᠲᠠᠷᠢᠶᠠᠯᠠᠩ ᠤᠨ ᠮᠠᠰᠢᠨ ᠢᠶᠠᠨ ᠰᠤᠩᠭᠤᠬᠤ ᠰᠠᠨᠠᠭ᠎ᠠ ᠲᠠᠢ︾ ᠬᠡᠵᠦ ᠶᠠᠷᠢᠨ᠎ᠠ᠃      ᠲᠣᠰ ᠬᠤᠭᠤᠴᠠᠭᠠᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠦᠵᠡᠰᠬᠦᠯᠡᠩ ᠨᠢ ︽ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢ ᠳᠡᠭᠡᠭᠰᠢᠯᠡᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠲᠤᠭᠤᠷᠢᠨ ᠳᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠰᠢᠯᠢᠳᠡᠭ ᠲᠠᠸᠠᠷ ᠤᠨ ᠲᠠᠨᠢᠯᠴᠠᠭᠤᠯᠭ᠎ᠠ᠂ ᠦᠷ᠎ᠡ ᠪᠦᠲᠦᠭᠡᠯ ᠤᠨ ᠦᠵᠡᠰᠬᠦᠯᠡᠩ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ ᠠᠵᠢᠯᠯᠠᠭ᠎ᠠ ᠶᠢ ᠦᠷᠨᠢᠭᠦᠯᠵᠦ᠂ ᠮᠠᠯᠴᠢᠨ ᠲᠠᠷᠢᠶᠠᠴᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ᠂ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠳᠤ ᠳᠥᠭᠦᠮ ᠦᠵᠡᠬᠦᠯᠬᠦ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠲᠣᠮᠣ ᠬᠡᠯᠪᠡᠷᠢ ᠶᠢᠨ ᠲᠡᠷᠢᠭᠦᠨ ᠤ ᠲᠠᠷᠢᠶᠠᠯᠠᠩ ᠤᠨ ᠮᠠᠰᠢᠨ ᠤ ᠬᠡᠷᠡᠭᠯᠡᠯᠳᠡ ᠶᠢᠨ ᠦᠷ᠎ᠡ ᠪᠦᠲᠦᠮᠵᠢ ᠪᠠ ᠦᠢᠯᠡᠳᠦᠯ ᠢ ᠪᠡᠶᠡᠳᠡᠨ ᠣᠶᠢᠯᠠᠭᠠᠭᠤᠯᠵᠤ᠂ ᠲᠡᠳᠡᠨ ᠤ ᠲᠠᠨᠢᠯᠲᠡ ᠶᠢᠨ ᠬᠡᠮᠵᠢᠶ᠎ᠡ ᠪᠠ ᠬᠦᠯᠢᠶᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠤᠨ ᠣᠷᠴᠢᠨ ᠲᠤᠭᠤᠷᠢᠨ ᠤ ᠪᠦᠬᠦ ᠲᠠᠯ᠎ᠠ ᠪᠠᠷ ᠰᠠᠶᠢᠵᠢᠷᠠᠭᠤᠯᠵᠤ᠂ ᠬᠦᠳᠡᠯᠮᠦᠷᠢ ᠬᠦᠴᠦ ᠶᠢ ᠠᠷᠪᠢᠯᠠᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠬᠤ ᠳᠤ ᠢᠳᠡᠪᠬᠢᠳᠡᠢ ᠦᠢᠯᠡᠳᠦᠯ ᠦᠵᠡᠬᠦᠯᠬᠦ ᠪᠤᠯᠤᠨ᠎ᠠ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠰᠭᠦᠯᠡᠩ ᠳᠤ ᠪᠥᠬᠦ ᠤᠯᠤᠰ ᠤᠨ 16 ᠮᠤᠵᠢ ᠦᠪᠡᠷᠳᠡᠭᠡᠨ ᠵᠠᠰᠠᠬᠤ ᠣᠷᠣᠨ ᠤ 200 ᠰᠢᠬᠠᠮ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ᠂ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠨᠡᠷ᠎ᠡ ᠮᠡᠳᠡᠭᠦᠯᠦᠨ ᠣᠷᠣᠯᠴᠠᠵᠤ᠂ ᠦᠵᠡᠰᠭᠦᠯᠡᠩ ᠤᠨ ᠲᠠᠯᠠᠪᠠᠶ ᠨᠢ 20000 ᠲᠡᠭᠰᠢ ᠳᠥᠷᠪᠡᠯᠵᠢᠨ ᠮᠧᠲᠷ ᠲᠤ ᠬᠦᠷᠴᠦ᠂ ᠡᠭᠦᠨ ᠳᠤ ᠭᠠᠳᠠᠭᠠᠲᠦ ᠠᠴᠠ ᠣᠷᠣᠭᠤᠯᠤᠭᠰᠠᠨ ᠲᠠᠷᠢᠶᠠᠯᠠᠩ ᠤᠨ ᠮᠠᠰᠢᠨ ᠪᠠᠭᠠᠵᠢ ᠶᠢᠨ ᠨᠠᠷᠠᠲᠤ ᠲᠡᠮᠳᠡᠭᠳᠤ 15 ᠪᠣᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号