ᠬᠥᠪᠡᠭᠡᠲᠦ ᠰᠢᠷ᠎ᠠ ᠬᠤᠰᠢᠭᠤ ᠠᠮᠢᠲᠠᠨ ᠤ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠢ ᠡᠷᠴᠢᠮᠳᠡᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/6/22
      ᠣᠶᠢᠷ᠎ᠠ ᠳᠤ ᠬᠥᠪᠡᠭᠡᠲᠦ ᠰᠢᠷ᠎ᠠ ᠬᠤᠰᠢᠭᠤ ︽ᠣᠷᠣᠨ ᠪᠦᠰᠡ ᠶᠢᠨ ᠴᠢᠨᠠᠷᠲᠠᠶ ᠠᠮᠢᠲᠠᠨ ᠤ ᠬᠦᠨᠳᠦ ᠶᠡᠭᠡ  ᠬᠢᠵᠢᠭ ᠤᠨ ᠪᠠᠶᠢᠳᠠᠯ ᠡᠭᠦᠰᠭᠦ ᠠᠴᠠ ᠵᠠᠶᠢᠯᠠᠰᠬᠢᠬᠦ︾ ᠬᠠᠷᠠᠯᠲᠠ ᠶᠢ ᠦᠨᠡᠨ ᠬᠦ ᠪᠠᠲᠤᠯᠠᠬᠤ ᠵᠤᠷᠢᠯᠭ᠎ᠠ ᠪᠠᠷ ᠠᠮᠢᠲᠠᠨ ᠤ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠢ ᠡᠷᠴᠢᠮᠳᠡᠢ ᠬᠢᠵᠦ ᠪᠠᠶᠢᠨ᠎ᠠ᠃ ᠮᠠᠯᠵᠢᠬᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠬᠡ ᠲᠤᠰ ᠬᠤᠰᠢᠭᠤ ᠡᠨᠡ ᠵᠢᠯ ᠠᠮᠢᠲᠠᠨ ᠤ ᠬᠢᠵᠢᠭ ᠢ ᠰᠡᠷᠭᠡᠶᠢᠯᠡᠬᠦ ᠸᠠᠺᠼᠢᠨ ᠢ 119 ᠲᠦᠮᠡᠨ ᠮᠢᠯᠢᠯᠢᠲᠷ᠂ ᠠᠷᠢᠭᠤᠳᠬᠠᠬᠤ ᠡᠮ ᠤᠨ ᠵᠦᠢᠯ ᠢ 2 ᠲᠣᠨ ᠲᠤᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠡᠳ᠋ ᠪᠣᠳᠠᠰ ᠢ ᠴᠠᠭ ᠲᠤᠬᠠᠶ  ᠳᠤᠨᠢ ᠨᠦᠬᠦᠪᠥᠷᠢᠯᠡᠵᠦ᠂ ᠠᠮᠢᠲᠠᠨ ᠤ ᠬᠦᠨᠳᠦ ᠶᠡᠭᠡ ᠬᠡᠮ ᠬᠢᠵᠢᠭ ᠵᠢᠴᠢ ᠬᠥᠮᠦᠨ ᠮᠠᠯ ᠳᠤ ᠲᠤᠰᠬᠤ ᠲᠠᠬᠤᠯ ᠡᠪᠡᠳᠴᠢᠨ ᠤ ᠪᠠᠶᠢᠴᠠᠭᠠᠯᠲᠠ ᠶᠢ 46.42 ᠲᠦᠮᠡᠨ ᠮᠠᠯ ᠳᠤ ᠬᠢᠵᠤ᠂ 4200 ᠭᠠᠷᠤᠢ ᠮᠠᠯ ᠳᠤ ᠪᠷᠦ᠋ᠼᠧᠯ ᠡᠪᠡᠳᠴᠢᠨ ᠤ ᠪᠠᠶᠢᠴᠠᠭᠠᠯᠲᠠ ᠬᠢᠵᠦ᠂1.95 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠮᠠᠯ ᠤᠨ ᠬᠠᠰᠢᠶ᠎ᠠ ᠰᠠᠷᠠᠪᠴᠢ ᠶᠢ ᠡᠮᠳᠤ ᠪᠤᠳᠠᠰ ᠢᠶᠠᠷ ᠠᠷᠢᠭᠤᠳᠬᠠᠭᠰᠠᠨ ᠪᠠᠶᠢᠨ᠎ᠠ᠃ ᠵᠢᠷᠤᠬ ᠪᠤᠯ ᠠᠵᠢᠯᠳᠡᠨ ᠠᠴᠠ ᠮᠠᠯ ᠤᠨ ᠬᠡᠮ ᠬᠢᠵᠢᠭ ᠢ ᠪᠠᠶᠢᠴᠠᠭᠠᠵᠤ ᠲᠠᠷᠢᠯᠭ᠎ᠠ ᠬᠢᠵᠤ ᠪᠠᠶᠢᠭ᠎ᠠ ᠨᠢ᠃
203.png
           ᠰᠣᠷᠪᠤᠯᠵᠢᠯᠠᠭᠴᠢ ᠪᠢᠯᠢᠭᠪᠡᠭᠠᠲᠤᠷ ᠰᠡᠬᠦᠳᠡᠷᠯᠡᠪᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号