ᠣᠶᠢᠷ᠎ᠠ ᠳᠤ᠂ ︽ᠤᠯᠠᠭᠠᠨ ᠬᠤᠯᠣᠣᠪᠠᠩ ᠤᠨ ᠨᠤᠲᠤᠭ︾ ᠬᠡᠵᠤ ᠠᠯᠳᠠᠷᠰᠢᠭᠰᠠᠨ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠤᠰᠤᠲᠤ ᠪᠠᠯᠭᠠᠰᠤ ᠶᠢᠨ ᠪᠠᠷᠠᠭᠤᠨ ᠣᠪᠣᠭ᠎ᠠ ᠲᠤᠰᠬᠤᠨ ᠤ ᠨᠢᠭᠡᠨ ᠭᠡᠰᠡᠭ ᠲᠠᠷᠢᠶᠠᠨ | ᠭᠠᠵᠠᠷ ᠲᠤ᠂ ᠲᠷᠠᠺᠲ᠋ᠤᠷ ᠠᠭᠠᠵᠢᠮ ᠢᠶᠠᠷ ᠤᠷᠤᠭᠰᠢᠯᠠᠬᠤ ᠶᠢ ᠳᠠᠭᠠᠯᠳᠤᠨ ᠦᠷ᠎ᠡ ᠰᠠᠴᠤᠬᠤ᠂ ᠪᠣᠷᠲᠣᠭᠤᠷ ᠣᠷᠣᠭᠤᠯᠬᠤ᠂ | ᠰᠢᠷᠤᠢ ᠳᠠᠷᠤᠬᠤ᠂ ᠳᠤᠰᠤᠯᠭᠠᠨ ᠤᠰᠤᠯᠠᠬᠤ ᠬᠤᠭᠤᠯᠠᠢ ᠪᠠ ᠰᠦᠯᠢᠶᠣᠣ ᠪᠦᠷᠬᠦᠪᠴᠢ ᠳᠡᠪᠢᠰᠭᠦ ᠵᠡᠷᠭᠡ ᠠᠵᠢᠯ ᠢ ᠨᠢᠭᠡ | ᠯᠡ ᠠᠯᠬᠤᠮ ᠳᠤ ᠪᠠᠶᠠᠯᠡᠭᠦᠯᠦᠨ᠎ᠠ᠃ | ︽ᠡᠨᠡ ᠵᠢᠯ᠂ ᠮᠠᠨ ᠤ ᠬᠤᠷᠰᠢᠶ᠎ᠠ 1700 ᠭᠠᠷᠤᠢ ᠮᠦ ᠤᠯᠠᠭᠠᠨ ᠬᠤᠯᠤᠤᠪᠠᠨᠭ᠌ ᠲᠠᠷᠢᠬᠤ ᠪᠠᠷ ᠲᠦᠯᠦᠪᠯᠠᠵᠤ᠂ | ᠮᠠᠰᠢᠨᠴᠢᠯᠠᠯᠲᠠ ᠪᠠᠷ ᠲᠠᠷᠢᠶᠠᠯᠠᠬᠤ ᠦᠷ᠎ᠠ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ︾ ᠭᠡᠵᠦ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠴᠢᠤᠸᠠᠨ ᠶᠤᠸᠠᠨ ᠨᠥᠭᠡᠴᠡᠯᠡᠵᠦ ᠵᠦᠭᠡᠭᠡᠪᠦᠷᠢᠯᠡᠬᠦ ᠲᠤᠰᠬᠠᠢ ᠬᠤᠷᠰᠢᠶ᠎ᠠ ᠶᠢᠨ | ᠠᠵᠢᠯᠲᠠᠨ ᠭᠤᠤ ᠹᠸᠡᠭ ᠲᠠᠨᠢᠯᠴᠠᠭᠤᠯᠤᠨ᠎ᠠ᠃ | ᠡᠶᠢᠮᠦᠷᠭᠦᠦ ᠲᠠᠷᠢᠶᠠᠴᠢᠨ ᠤ ᠲᠤᠰᠬᠠᠢ ᠬᠤᠷᠰᠢᠶ᠎ᠠ ᠲᠤᠰ ᠬᠤᠰᠢᠭᠤᠨ ᠳᠤ 673 ᠪᠠᠶᠢᠨ᠎ᠠ᠃ | ᠤᠢᠢᠷ᠎ᠠ ᠶᠢᠨ ᠵᠢᠯ᠂ ᠴᠢᠤᠸᠠᠨ ᠶᠤᠸᠠᠨ ᠨᠥᠭᠡᠴᠡᠯᠡᠵᠦ ᠵᠥᠭᠡᠭᠡᠪᠦᠷᠢᠯᠡᠬᠦ ᠲᠤᠰᠬᠠᠢ ᠬᠤᠷᠰᠢᠶ᠎ᠠ ᠲᠡᠷᠢᠶᠠᠯᠠᠩ ᠤᠨ | ᠪᠦᠳᠦᠬᠡᠭᠳᠡᠬᠦᠠ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠠ ᠲᠠᠷᠢᠶᠠᠯᠠᠬᠤ ᠡᠷᠦᠬᠡ ᠶᠢ ᠳᠠᠶᠢᠴᠢᠯᠠᠬᠤ ᠬᠥᠭᠦᠷᠭᠡ | ᠬᠤᠯᠪᠤᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠬᠤᠷᠰᠢᠶ᠎ᠠ + ᠲᠠᠷᠢᠶᠠᠯᠠᠬᠤ ᠡᠷᠦᠭᠡ︾ ᠶᠢᠨ | ᠡᠵᠡᠩᠨᠡᠯᠲᠡ ᠶᠢᠨ ᠵᠠᠭᠪᠤᠷ ᠢᠶᠠᠷ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠬᠤ᠂ ᠠᠵᠢᠯ ᠣᠯᠭᠤᠯᠲᠠ ᠪᠠᠷ | ᠳᠠᠶᠢᠴᠢᠯᠠᠬᠤ ᠵᠡᠷᠭᠡ ᠠᠷᠭ᠎ᠠ ᠬᠡᠯᠪᠡᠷᠢ ᠪᠠᠷ᠂ ︽ᠲᠠᠷᠢᠬᠤ᠂ ᠬᠠᠮᠢᠶᠠᠷᠬᠤ᠂ ᠬᠤᠷᠢᠶᠠᠬᠤ᠂ ᠪᠣᠷᠣᠯᠠᠭᠤᠯᠬᠤ︾ ᠵᠡᠷᠭᠡ ᠪᠦᠬᠦ | ᠲᠠᠯ᠎ᠠ ᠶᠢᠨ ᠨᠠᠶᠢᠳᠠᠨ ᠬᠠᠮᠢᠶᠠᠷᠬᠤ ᠦᠢᠯᠡᠴᠢᠯᠡᠭᠡ ᠬᠠᠩᠭᠠᠵᠤ᠂ ᠲᠠᠷᠢᠶᠠᠯᠠᠬᠤ ᠡᠷᠦᠬᠡ ᠶᠢ ᠬᠦᠳᠦᠯᠦᠨ ᠵᠢᠯᠣᠭᠤᠳᠴᠤ | ᠪᠠᠶᠢᠭᠠᠳ ᠠᠯᠬᠤᠮ ᠠᠯᠬᠤᠮ ᠢᠶᠠᠷ ᠬᠡᠪᠴᠢᠶᠡᠵᠢᠭᠰᠡᠨ᠂ ᠮᠧᠬᠠᠨᠢᠭᠵᠢᠭᠰᠡᠨ᠂ ᠡᠷᠴᠢᠮᠵᠢᠭᠰᠡᠨ ᠬᠦᠭᠵᠢᠯᠲᠡ ᠶᠢᠨ ᠵᠠᠮ ᠢᠶᠠᠷ | ᠵᠠᠮᠨᠠᠭᠤᠯᠵᠤ᠂ ᠲᠡᠳᠡᠨ ᠤ ᠲᠠᠷᠢᠶᠠᠯᠠᠬᠤ ᠶᠠᠪᠤᠴᠠ ᠳᠤ ᠳᠠᠩ ᠭᠠᠭᠴᠠ ᠡᠷᠤᠬᠡ ᠪᠠᠷ ᠲᠠᠷᠢᠶᠠᠯᠠᠵᠥ ᠪᠠᠶᠢᠭᠰᠠᠨ ᠢ | ᠬᠠᠮᠲᠤᠷᠠᠨ ᠬᠦᠭᠵᠢᠬᠦ ᠵᠦᠭ ᠬᠦᠳᠤᠯᠦᠨ ᠵᠢᠯᠤᠭᠤᠳᠴᠤ ᠲᠠᠷᠢᠶᠠᠯᠠᠩ ᠤᠨ ᠪᠦᠲᠦᠭᠡᠭᠳᠡᠭᠦᠨ ᠤ ᠬᠡᠪᠴᠢᠶᠡᠵᠢᠭᠰᠡᠨ | ᠦᠢᠯᠡᠳᠪᠦᠷᠢᠯᠡᠯ ᠢ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ | ᠪᠠᠶᠢᠨ᠎ᠠ᠃ | ᠲᠤᠰ ᠬᠤᠰᠢᠭᠤᠨ ᠤ ᠴᠢᠤᠸᠠᠨ ᠶᠤᠸᠠᠨ ᠨᠦᠬᠡᠴᠡᠯᠡᠵᠤ ᠵᠥᠭᠡᠭᠡᠪᠦᠷᠢᠯᠡᠬᠦ ᠲᠤᠰᠬᠠᠢ ᠬᠤᠷᠰᠢᠶ᠎ᠠ ᠶᠢᠨ | ᠬᠠᠷᠢᠭᠤᠴᠠᠯᠭᠠᠲᠠᠨ ᠶᠠᠩ ᠵᠢᠶᠦ᠋ᠨ᠄ ︽ᠡᠨᠡ ᠵᠢᠯ᠂ ᠴᠢᠤᠸᠠᠨ ᠶᠤᠸᠠᠨ ᠢᠳᠡᠰᠢᠨ ᠨᠣᠭᠤᠭ᠎ᠠ ᠶᠢᠨ ᠬᠤᠷᠰᠢᠶ᠎ᠠ 7600 | ᠭᠠᠷᠤᠢ ᠮᠦ ᠭᠠᠵᠠᠷ ᠰᠢᠷᠤᠢ ᠶᠢ ᠲᠠᠭᠠᠭᠠᠴᠢᠯᠠᠨ ᠡᠵᠠᠩᠨᠡᠵᠤ᠂ ᠭᠠᠵᠠᠷ ᠰᠢᠷᠤᠢ ᠶᠢᠨ ᠬᠡᠪᠴᠢᠶᠡᠵᠢᠭᠰᠡᠨ ᠡᠵᠡᠩᠨᠡᠯᠲᠡ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠯᠠᠩ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ | ᠲᠠᠷᠢᠮᠠᠯ ᠤᠨ ᠥᠪᠡᠷ ᠤᠨ ᠦᠷᠳᠡᠭ ᠢ ᠪᠠᠭᠤᠷᠠᠭᠤᠯᠪᠠ᠃ ᠣᠳᠣ 37 ᠲᠠᠷᠢᠶᠠᠯᠠᠬᠤ ᠡᠷᠦᠬᠡ ᠬᠤᠷᠰᠢᠶ᠎ᠠ ᠳᠤ ᠣᠷᠣᠵᠤ | ᠬᠠᠮᠲᠦ ᠪᠠᠷ ᠬᠦᠭᠵᠢᠬᠦ ᠶᠢ ᠪᠡᠶᠡᠯᠡᠬᠦᠯᠵᠤ ᠪᠠᠶᠢᠨ᠎ᠠ︾ ᠬᠡᠵᠤ ᠶᠠᠷᠢᠨ᠎ᠠ᠃ | ᠲᠣᠰ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠪᠴᠢᠶᠠᠨ ᠤ ᠮᠠᠯᠵᠢᠬᠤ ᠲᠠᠷᠢᠶᠠᠯᠠᠬᠤ ᠣᠷᠤᠨ ᠤ ᠠᠵᠤ ᠠᠬᠤᠶ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ | ᠴᠢᠶᠣᠤ ᠬᠦᠶ ᠶᠢᠩ᠄ ︽ᠪᠢᠳᠡ ᠳᠡᠭᠡᠳᠦ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠲᠡᠮᠵᠢᠯᠭᠡ ᠪᠠᠷ ᠪᠡᠯᠡ | ᠮᠦᠡᠭᠬᠦ ᠶᠢᠨ ᠲᠡᠯ᠎ᠠ ᠪᠠᠷ ᠬᠢ ᠠᠰᠠᠭᠤᠳᠠᠯ ᠢᠶᠠᠨ ᠰᠢᠢᠳᠪᠤᠷᠢᠯᠠᠵᠥ᠂ ᠣᠶᠤᠲᠠᠨ᠂ ᠴᠡᠷᠢᠭ ᠠᠴᠠ ᠬᠠᠯᠡᠭᠳᠡᠭᠰᠠᠳ ᠪᠠ | ᠪᠠᠶᠠᠵᠢᠯ ᠤᠨ ᠴᠢᠳᠠᠪᠤᠷᠢᠲᠠᠨ ᠤ ᠬᠤᠷᠰᠢᠶ᠎ᠠ ᠪᠠᠶᠢᠭᠤᠯᠬᠤ ᠶᠢ ᠵᠤᠷᠢᠭᠵᠢᠭᠤᠯᠵᠠᠢ᠃ ᠬᠤᠷᠰᠢᠶ᠎ᠠ ᠨᠢ ᠦᠪᠡᠷ ᠢᠶᠠᠨ | ᠬᠦᠭᠵᠢᠨ ᠪᠣᠵᠠᠭᠠᠶᠢᠷᠠᠬᠤ ᠶᠢᠨ ᠬᠠᠮᠲᠤ ᠲᠤᠬᠠᠶ ᠶᠢᠨ ᠭᠠᠵᠠᠷ ᠤᠨ ᠲᠤᠰᠬᠤᠨ ᠤ ᠠᠷᠠᠳ ᠲᠤ ᠣᠯᠠᠨ ᠠᠵᠢᠯ ᠤᠨ | ᠪᠠᠶᠢᠷᠢ ᠬᠠᠩᠭᠠᠵᠤ᠂ ᠶᠠᠳᠠᠭᠤ ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠥᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ | ᠲᠠᠯᠪᠢᠵᠤ ᠪᠠᠶᠢᠨ᠎ᠠ︾ ᠬᠡᠵᠤ ᠲᠠᠨᠢᠯᠴᠠᠭᠤᠯᠤᠨ᠎ᠠ᠃ |