ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠢᠨ ᠲᠠᠷᠢᠮᠠᠯ ᠤᠨ ᠦᠢᠯᠡᠰ ᠤᠨ ᠠᠵᠢᠯ ᠤᠨ ᠪᠠᠶᠢᠳᠠᠯ ᠮᠡᠳᠡᠭᠳᠡᠬᠦ ᠸᠢᠳᠢᠤ᠋ ᠬᠤᠷᠠᠯ ᠳᠤ ᠣᠷᠤᠯᠴᠠᠪᠠ
ᠨᠡᠶᠢᠲᠡᠯᠡᠭᠰᠡᠨ ᠴᠠᠭ᠄
2022/6/23
      6 ᠰᠠᠷ᠎ᠠ ᠶᠢᠨ 20 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠠᠴᠠ ᠦᠷ᠎ᠡ ᠶᠢᠨ ᠦᠢᠯᠡᠰ ᠤᠨ ᠠᠵᠢᠯ ᠤᠨ ᠪᠠᠶᠢᠳᠠᠯ ᠮᠡᠳᠡᠭᠳᠡᠬᠦ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠠᠩ ᠰᠢᠩ ᠸᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠦ᠋ ᠰᠢᠶᠠᠩ ᠯᠢᠶᠠᠩ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠢᠦᠢ ᠹᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠵᠢᠴᠢ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
图片3.png
       ᠬᠤᠷᠠᠯ ᠳᠡᠭᠡᠷ᠎ᠡ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠦ᠋ ᠰᠢᠶᠠᠩ ᠯᠢᠶᠠᠩ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ ᠬᠠᠮᠠᠭᠠᠯᠠᠬᠤ ᠪᠠ ᠠᠰᠢᠭᠯᠠᠬᠤ ᠠᠵᠢᠯ ᠤᠨ ᠲᠣᠭᠤᠷᠢᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠠᠳᠬᠤᠬᠤ᠂ ᠲᠥᠯᠦᠪᠵᠢᠭᠦᠯᠭᠡ ᠶᠢᠨ ᠵᠢᠯᠣᠭᠤᠳᠤᠯᠭ᠎ᠠ ᠶᠢ ᠰᠠᠶᠢᠲᠤᠷ ᠠᠳᠬᠤᠬᠤ᠂ ᠪᠡᠯᠡ ᠮᠥᠩᠭᠦ ᠶᠢᠨ ᠳᠡᠮᠵᠢᠯᠭᠡ ᠶᠢ ᠰᠠᠶᠢᠲᠤᠷ ᠠᠳᠬᠤᠬᠤ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠰᠠᠶᠢᠲᠤᠷ ᠠᠳᠬᠤᠬᠤ᠂ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠶᠢ ᠰᠠᠶᠢᠲᠤᠷ ᠠᠳᠬᠤᠬᠤ ᠵᠡᠷᠭᠡ ᠲᠠᠪᠤᠨ ᠲᠠᠯ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃ ᠰᠧᠴᠤᠸᠠᠨ ᠮᠤᠵᠢ᠂ ᠭᠤᠸᠠᠩᠳᠦ᠋ᠩ ᠮᠤᠵᠢ᠂ ᠬᠤᠪᠧᠢ ᠮᠤᠵᠢ᠂ ᠭᠠᠨᠰᠤ ᠮᠤᠵᠢ᠂ ᠠᠨᠾᠦ᠋ᠢ ᠮᠤᠵᠢ᠂ ᠾᠧᠨᠠᠨ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠭᠤᠤᠯᠯᠠᠨ ᠬᠠᠮᠢᠶᠠᠷᠬᠤ ᠤᠳᠤᠷᠢᠳᠤᠯᠭ᠎ᠠ ᠲᠣᠰ ᠲᠣᠰ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠠᠬᠢᠴᠠ᠂ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠡᠷᠬᠡ ᠰᠡᠳᠦᠪ ᠢ ᠰᠢᠢᠳᠪᠦᠷᠢᠯᠡᠬᠦ᠂ ᠡᠭᠦᠯᠳᠡᠷ ᠤᠨ ᠬᠠᠮᠢᠶᠠᠷᠤᠯᠲᠠ᠂ ᠲᠠᠷᠢᠮᠠᠯ ᠤᠨ ᠵᠦᠢᠯ ᠤᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ ᠲᠤᠰᠬᠠᠢ ᠰᠡᠳᠦᠪᠲᠦ ᠰᠣᠯᠢᠯᠴᠠᠭᠠᠨ ᠤ ᠶᠠᠷᠢᠶ᠎ᠠ ᠲᠠᠯᠪᠢᠪᠠ᠃ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠦᠨ ᠬᠤᠤ ᠴᠢᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯᠣᠨ ᠲᠠᠷᠢᠶᠠᠯᠠᠩ ᠤᠨ ᠦᠷ᠎ᠡ ᠶᠢᠨ ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ ᠠᠰᠢᠭᠯᠠᠯᠲᠠ ᠶᠢᠨ ᠪᠠᠶᠢᠳᠠᠯ ᠢ ᠮᠡᠳᠡᠭᠳᠡᠪᠡ︔ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠦ᠋ ᠢᠦᠢ ᠵᠢᠶᠦ᠋ᠨ ᠤᠯᠤᠰ ᠤᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠶᠡᠷᠦᠩᠬᠡᠢ ᠪᠣᠳᠣᠯᠬᠢᠯᠠᠯ ᠢ ᠮᠡᠳᠡᠭᠳᠡᠪᠡ︔ ᠳᠡᠳ᠋ ᠵᠤᠷᠭᠠᠨ ᠤ ᠳᠠᠷᠤᠭ᠎ᠠ ᠶᠠᠩ ᠬᠠᠢ ᠱᠧᠩ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠢ ᠴᠡᠪᠡᠷᠰᠢᠭᠦᠯᠬᠦ ᠠᠵᠢᠯᠯᠠᠭ᠎ᠠ ᠶᠢᠨ ᠪᠠᠶᠢᠳᠠᠯ ᠢ ᠮᠡᠳᠡᠭᠳᠡᠪᠡ︔ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠢᠶᠧ ᠶᠠᠨ ᠦᠷ᠎ᠡ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠵᠢᠭᠰᠠᠭᠠᠯ ᠤᠨ ᠬᠡᠯᠪᠡᠷᠢ ᠶᠢᠨ ᠪᠣᠶᠢᠵᠢᠭᠤᠯᠤᠯᠲᠠ ᠶᠢᠨ ᠪᠠᠶᠢᠳᠠᠯ ᠢ ᠮᠡᠳᠡᠭᠳᠡᠪᠡ᠃
图片4.png
       ᠵᠤᠷᠭᠠᠨ ᠤ ᠳᠠᠷᠤᠭ᠎ᠠ ᠵᠠᠩ ᠰᠢᠩ ᠸᠠᠩ ᠴᠢᠬᠤᠯᠠᠴᠢᠯᠠᠭᠰᠠᠨ ᠨᠢ᠂ ᠨᠢᠭᠡ ᠳᠤ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠢᠮᠠᠭᠲᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠵᠢᠴᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠶᠡᠭᠡ ᠲᠠᠯ᠎ᠠ ᠳᠤ ᠲᠠᠯᠪᠢᠵᠤ᠂ ᠣᠷᠣᠨ ᠪᠠᠶᠢᠷᠢ ᠪᠠᠨ ᠣᠨᠣᠪᠴᠢᠲᠠᠶ ᠣᠯᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ ᠣᠨᠣᠪᠴᠢᠲᠠᠶ ᠣᠯᠵᠤ᠂ ᠲᠥᠬᠦᠮ ᠳᠣᠲᠣᠭᠠᠳᠤ ᠡᠷᠭᠢᠯᠲᠡ᠂ ᠥᠪᠡᠷ ᠤᠨ ᠡᠷᠭᠢᠯᠲᠡ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ ᠲᠠᠷᠢᠮᠠᠯ᠂ ᠮᠠᠯ ᠵᠢᠭᠦᠷᠲᠡᠨ᠂ ᠤᠰᠤᠨ ᠭᠠᠷᠤᠯᠲᠠ ᠪᠣᠯᠣᠨ ᠮᠢᠺᠷᠣᠪ ᠤᠨ ᠦᠷ᠎ᠡ ᠶᠢᠨ ᠦᠢᠯᠡᠰ ᠢ ᠨᠢᠭᠡᠳᠦᠯᠲᠡᠢ ᠲᠥᠯᠥᠪᠵᠢᠭᠦᠯᠵᠦ᠂ ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ᠂ ᠳᠠᠪᠠᠭᠤᠯᠢᠭ ᠦᠷ᠎ᠡ ᠶᠢᠨ ᠦᠢᠯᠡᠰ ᠤᠨ ᠠᠵᠤ ᠠᠬᠤᠶᠢᠯᠠᠯ ᠢ ᠲᠡᠳᠭᠦᠬᠦ᠂ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠡᠭᠰᠢᠯᠡᠭᠦᠯᠬᠦ᠂ ᠫᠠᠶᠢᠰᠠ ᠬᠠᠭᠤᠷᠮᠠᠭᠯᠠᠨ ᠡᠷᠬᠡ ᠳᠤ ᠬᠠᠯᠳᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ 5 ᠶᠡᠭᠡ ᠪᠣᠳᠠᠲᠠᠢ ᠠᠵᠢᠯᠯᠠᠭ᠎ᠠ ᠶᠢ ᠰᠠᠶᠢᠲᠤᠷ ᠨᠢᠭᠡᠳᠦᠯᠳᠠᠢ ᠲᠦᠯᠦᠪᠵᠢᠭᠦᠯᠬᠦ ᠬᠡᠷᠡᠭᠲᠡᠢ᠃ ᠭᠤᠷᠪᠠ ᠳᠤ ᠦᠷ᠎ᠡ ᠶᠢᠨ ᠦᠢᠯᠡᠰ ᠤᠨ ᠠᠵᠢᠯ ᠤᠨ ᠴᠡᠭ ᠪᠣᠯᠣᠨ ᠨᠡᠶᠢᠳᠡᠮ ᠢ ᠣᠷᠭᠠᠨᠢᠭ ᠢᠶᠠᠷ ᠤᠶᠠᠯᠳᠤᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ ᠦᠷ᠎ᠡ ᠶᠢᠨ ᠦᠢᠯᠡᠰ ᠤᠨ ᠠᠵᠢᠯ ᠤᠨ ᠠᠶᠢᠵᠠᠮ ᠪᠠ ᠡᠷᠴᠢᠮ ᠢ ᠰᠠᠶᠢᠲᠤᠷ ᠡᠵᠡᠮᠳᠡᠵᠦ᠂ ᠪᠦᠬᠦᠯᠢ ᠴᠣᠭᠴᠠ ᠶᠢᠨ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ ᠲᠥᠯᠦᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ᠃ ᠲᠠᠪᠤ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠵᠢᠷᠭᠤᠭ᠎ᠠ ᠳᠤ ᠠᠮᠢᠳᠤ ᠪᠣᠳᠠᠰ ᠤᠨ ᠦᠷ᠎ᠡ ᠪᠣᠶᠢᠵᠢᠭᠤᠯᠤᠯᠲᠠ ᠶᠢ ᠠᠵᠤ ᠦᠢᠯᠡᠰᠵᠢᠭᠦᠯᠬᠦ ᠲᠤᠬᠠᠢ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ ᠶᠡᠭᠡ ᠲᠠᠯ᠎ᠠ ᠠᠴᠠ ᠭᠦᠨᠵᠡᠭᠡᠢ ᠲᠠᠨᠢᠵᠤ ᠣᠶᠢᠯᠠᠭᠠᠬᠤ ᠬᠡᠷᠡᠭᠲᠡᠢ᠃ ᠲᠤᠯᠤᠭ᠎ᠠ ᠳᠤ ᠠᠵᠢᠯ ᠤᠨ ᠰᠠᠨᠠᠭᠠᠴᠢᠯᠠᠭᠠᠲᠤ ᠡᠷᠬᠡ ᠶᠢ ᠰᠠᠶᠢᠲᠤᠷ ᠡᠵᠡᠮᠳᠡᠵᠦ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ᠂ ᠵᠠᠭᠤᠴᠢᠯᠠᠭᠤᠷ᠂ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠵᠡᠷᠭᠡ ᠤᠯᠠᠨ ᠲᠠᠯ᠎ᠠ ᠶᠢᠨ ᠬᠦᠴᠦᠨ ᠢ ᠰᠠᠶᠢᠲᠤᠷ ᠬᠤᠷᠠᠮᠳᠤᠭᠤᠯᠬᠤ ᠬᠡᠷᠡᠭᠲᠡᠢ᠃ ᠨᠠᠢᠮᠠ ᠳᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠦᠯᠢᠭᠡᠷ ᠢ ᠰᠠᠶᠢᠲᠤᠷ ᠶᠠᠷᠢᠵᠤ᠂ ᠡᠭᠦᠳᠡ ᠪᠠᠨ ᠲᠦᠭᠵᠢᠭᠡᠳ ᠦᠷ᠎ᠡ ᠶᠢᠨ ᠦᠢᠯᠡᠰ ᠡᠷᠬᠢᠯᠡᠬᠦ ᠠᠴᠠ ᠵᠠᠶᠢᠯᠠᠰᠬᠢᠬᠦ ᠬᠡᠷᠡᠭᠲᠡᠢ ᠃ ᠶᠢᠰᠦ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠡᠨᠡ ᠬᠦ ᠨᠠᠨᠳᠢᠨ ᠲᠤᠷᠰᠢᠯᠭ᠎ᠠ ᠶᠢ ᠭᠦᠨᠵᠡᠭᠡᠢ ᠣᠶᠢᠯᠠᠭᠠᠨ ᠰᠠᠶᠢᠲᠤᠷ ᠬᠡᠷᠡᠭᠯᠡᠵᠦ᠂ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠴᠢᠭᠯᠡᠯ ᠠᠴᠠ ᠰᠠᠯᠬᠤ ᠠᠴᠠ ᠵᠠᠶᠢᠯᠠᠰᠬᠢᠬᠦ ᠬᠡᠷᠡᠭᠲᠡᠢ᠃ ᠠᠷᠪᠠ ᠳᠤ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠢᠯᠠᠭᠤᠭᠰᠠᠨ ᠲᠠᠶᠢᠨ ᠬᠢᠵᠦ ᠴᠢᠳᠠᠬᠤ᠂ ᠰᠢᠯᠢᠳᠡᠭ ᠰᠠᠶᠢᠨ ᠰᠤᠷᠲᠠᠯ ᠲᠠᠢ ᠦᠷ᠎ᠡ ᠶᠢᠨ ᠦᠢᠯᠡᠰ ᠤᠨ ᠪᠦᠯᠬᠦᠮ ᠢ ᠰᠢᠨᠲᠠᠷᠠᠰᠢ ᠦᠭᠡᠢ ᠪᠠᠶᠢᠭᠤᠯᠬᠤ ᠬᠡᠷᠡᠭᠲᠡᠢ ᠭᠡᠪᠡ᠃
图片5.png
       ᠬᠤᠷᠠᠯ ᠤᠨ ᠳᠠᠷᠠᠭ᠎ᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠦ᠋ ᠰᠢᠶᠠᠩ ᠯᠢᠶᠠᠩ ᠬᠤᠷᠠᠯ ᠤᠨ ᠵᠣᠷᠢᠭ ᠰᠠᠨᠠᠭ᠎ᠠ ᠶᠢ ᠲᠢᠩᠬᠢᠮ ᠤᠨ ᠭᠤᠣᠯ ᠤᠳᠤᠷᠢᠳᠤᠯᠭ᠎ᠠ ᠳᠤ ᠳᠠᠷᠤᠢ ᠲᠦᠷᠭᠡᠨ ᠬᠠᠷᠢᠭᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号