ᠲᠠᠷᠢᠶᠠᠯᠠᠩ ᠤᠨ ᠮᠠᠰᠢᠨ ᠤ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ ᠂ ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ︽ᠬᠠᠤᠯᠢ ᠶᠢ ᠰᠠᠬᠢᠬᠤ︾ | ᠦᠵᠡᠯ ᠤᠬᠠᠮᠰᠠᠷ ᠪᠠ ︽ᠤᠯᠠᠭᠠᠨ ᠱᠤᠭᠤᠮ︾ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ | ᠶᠢᠨ ᠲᠤᠰᠠᠳᠠ ᠂ 2022 ᠣᠨ ᠤ 6 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ | ᠮᠠᠰᠢᠨᠴᠢᠯᠠᠯᠲᠠ ᠶᠢᠨ ᠭᠠᠵᠠᠷ ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ | ᠤᠷᠤᠨ ᠤ ᠲᠣᠪᠴᠢᠶ᠎ᠠ ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | ᠪᠣᠯᠣᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠤᠰᠤᠨ | ᠠᠰᠢᠭᠯᠠᠯᠲᠠ ᠶᠢᠨ ᠲᠣᠪᠴᠢᠶ᠎ᠠ ᠨᠤᠭᠤᠳ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ︽ ᠠᠶᠤᠯ ᠦᠭᠡᠢ | ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠬᠤ ᠶᠠᠪᠤᠳᠠᠯ ᠤᠨ ᠲᠡᠷᠢᠭᠦᠨ ᠤ ᠬᠠᠷᠢᠭᠤᠴᠠᠯᠭᠠᠲᠠᠨ ᠪᠣᠯᠣᠶ᠎ᠠ︾ | ᠭᠡᠬᠦ ᠪᠠᠷ ᠭᠤᠣᠯ ᠰᠡᠳᠦᠪ ᠪᠣᠯᠭᠠᠭᠰᠠᠨ ︽ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠭᠤᠯᠭ᠎ᠠ | ᠵᠦᠪᠳᠡᠯᠴᠡᠭᠡ ᠶᠢᠨ ᠡᠳᠦᠷ ︾ ᠤᠨ ᠠᠵᠢᠯᠯᠠᠭ᠎ᠠ ᠶᠢ ᠬᠠᠮᠲᠤᠷᠠᠨ ᠡᠷᠬᠢᠯᠡᠵᠡᠢ ᠃ | | | | | | | ᠠᠵᠢᠯᠯᠠᠭ᠎ᠠ ᠳᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠳᠠᠷᠤᠭ᠎ᠠ | ᠰᠢᠦᠢ ᠳ᠋ᠡ ᠸᠧᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠭᠠᠵᠠᠷ ᠤᠨ ᠳᠡᠳ᠋ | ᠳᠠᠷᠤᠭ᠎ᠠ ᠪᠠᠢ ᠰᠢᠶᠠᠩ ᠫᠢᠩ ᠲᠤᠰ ᠲᠤᠰ ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ | ᠤᠬᠠᠮᠰᠠᠷ ᠢ ᠴᠢᠩᠭᠠᠳᠬᠠᠬᠤ ᠂ ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠪᠠᠲᠤᠳᠬᠠᠬᠤ ᠂ ᠭᠡᠮ ᠰᠣᠭᠤᠭ ᠤᠨ ᠡᠬᠢ ᠡᠭᠦᠰᠦᠯ ᠢ ᠪᠠᠶᠢᠴᠠᠭᠠᠨ ᠵᠠᠰᠠᠬᠤ ᠶᠢ ᠴᠢᠩᠭᠠᠳᠬᠠᠬᠤ ᠂ ᠲᠠᠷᠢᠶᠠᠯᠠᠩ ᠤᠨ | ᠮᠠᠰᠢᠨ ᠢᠶᠠᠷ ᠠᠵᠢᠯᠯᠠᠬᠤ ᠳᠤ ᠤᠷᠢᠳᠠᠪᠠᠷ ᠬᠡᠷᠡᠭᠯᠡᠬᠦ ᠲᠣᠰᠣ ᠶᠢ ᠪᠠᠲᠤᠯᠠᠬᠤ ᠵᠡᠷᠭᠡ ᠲᠠᠯ᠎ᠠ ᠪᠠᠷ ᠲᠠᠷᠢᠶᠠᠯᠠᠩ ᠤᠨ | ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢ ᠬᠢᠵᠡᠢ ᠃ ᠡᠭᠦᠨ ᠤ ᠬᠠᠮᠲᠤ᠂ | ᠥᠷᠭᠡᠨ ᠣᠯᠠᠨ ᠲᠠᠷᠢᠶᠠᠯᠠᠩ ᠤᠨ ᠮᠠᠰᠢᠨ ᠬᠡᠷᠡᠭᠯᠡᠭᠴᠢ ᠳᠤ ᠬᠤᠪᠢ ᠶᠢᠨ ᠡᠵᠡᠩᠨᠡᠭᠴᠢ ᠂ ᠬᠤᠷᠰᠢᠶ᠎ᠠ ᠪᠣᠯᠣᠨ ᠠᠵᠢᠯ ᠤᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠥᠪᠡᠷᠲᠡᠭᠡᠨ ᠵᠠᠰᠠᠬᠤ ᠣᠷᠣᠨ ᠤ 2022 ᠣᠨ ᠤ | ᠲᠠᠷᠢᠶᠠᠯᠠᠩ ᠤᠨ ᠮᠠᠰᠢᠨ ᠤ ᠠᠵᠢᠯ ᠳᠤ ᠬᠡᠷᠡᠭᠯᠡᠬᠦ ᠲᠣᠰᠣ ᠶᠢ ᠪᠠᠲᠤᠯᠠᠬᠤ ᠠᠵᠢᠯ ᠤᠨ ᠲᠥᠰᠥᠯ ᠂ ᠲᠠᠷᠢᠶᠠᠯᠠᠩ ᠤᠨ | ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ᠡᠯᠭᠦᠭᠡ ᠵᠢᠷᠤᠭ ᠂ ᠲᠷᠠᠺᠲ᠋ᠣᠷ ᠂ ᠬᠠᠮ ᠬᠤᠷᠢᠶᠠᠬᠤ ᠮᠠᠰᠢᠨ ᠢ ᠠᠮᠤᠷ | ᠲᠦᠪᠰᠢᠨ ᠢᠶᠠᠷ ᠠᠵᠢᠯᠯᠠᠭᠤᠯᠬᠤ ᠳᠤ ᠠᠩᠬᠠᠷᠬᠤ ᠵᠦᠢᠯᠡᠰ ᠂ ᠲᠠᠷᠢᠶᠠᠯᠠᠩ ᠤᠨ ᠮᠠᠰᠢᠨ ᠢ ᠠᠮᠤᠷ ᠲᠦᠪᠰᠢᠨ ᠢᠶᠠᠷ | ᠠᠵᠢᠯᠯᠠᠭᠤᠯᠬᠤ ᠳᠦᠷᠢᠮ ᠪᠣᠯᠣᠨ ᠲᠠᠷᠢᠶᠠᠯᠠᠩ ᠤᠨ ᠮᠠᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠶᠡᠷᠦ ᠶᠢᠨ ᠮᠡᠳᠡᠯᠭᠡ ᠪᠣᠯᠣᠨ ᠰᠡᠷᠡᠮᠵᠢ ᠶᠢᠨ ᠦᠭᠡ ᠥᠭᠦᠯᠡᠪᠦᠷᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ | ᠨᠡᠶᠢᠳᠡ 500 ᠭᠠᠷᠤᠢ ᠬᠤᠪᠢ ᠲᠠᠷᠬᠠᠭᠠᠵᠠᠢ ᠃ | |