ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠮᠠᠭᠠᠳᠯᠠᠨ ᠲᠣᠭᠲᠠᠭᠠᠬᠤ ᠪᠠᠷ ᠪᠠᠶᠢᠭ᠎ᠠ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/6/28
      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ ᠤ ︽ᠪᠦᠬᠦ ᠤᠯᠤᠰ ᠤᠨ ᠬᠥᠳᠡᠭᠡ ᠲᠣᠰᠬᠤᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠵᠤ ᠲᠠᠨᠢᠯᠴᠠᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠦᠢᠯᠡᠰ ᠲᠠᠷᠬᠠᠭᠠᠭᠰᠠᠨ〔2022〕252 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ︽ᠪᠥᠬᠦ ᠤᠯᠤᠰ ᠤᠨ ᠬᠥᠳᠡᠭᠡ ᠲᠣᠰᠬᠤᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠵᠤ ᠲᠠᠨᠢᠯᠴᠠᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠦᠢᠯᠡᠰ ᠲᠠᠷᠬᠠᠭᠠᠭᠰᠠᠨ ﹇2022﹈ 252 ᠳ᠋ᠤᠭᠠᠷ ᠲᠣᠭᠠᠲᠤ︶ ᠢ ᠲᠠᠷᠬᠠᠭᠠᠵᠤ᠂ ᠠᠶᠢᠮᠠᠭ ᠬᠤᠲᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠠᠵᠢᠯ ᠥᠷᠨᠢᠭᠦᠯᠪᠡ᠃ ᠡᠯ᠎ᠡ ᠠᠶᠢᠮᠠᠭ ᠬᠤᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠢᠴᠡᠳ ᠠᠭᠤᠳᠠᠯᠤᠨ᠂ ᠪᠥᠬᠦ ᠣᠷᠣᠨ ᠳᠤ ᠵᠥᠪᠬᠡᠨ 4 ᠣᠷᠣᠨ ᠲᠤᠭ᠎ᠠ ᠲᠠᠢ ᠪᠠᠶᠢᠬᠤ ᠪᠠᠶᠢᠳᠠᠯ ᠳᠣᠣᠷ᠎ᠠ᠂ 11 ᠠᠶᠢᠮᠠᠭ ᠬᠤᠲᠠ ᠨᠢ ᠨᠡᠶᠢᠲᠡ 41 ᠦᠢᠯᠡᠰ ᠪᠤᠰᠬᠠᠵᠦ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠤᠶᠤᠴᠢᠯᠠᠨ ᠮᠡᠳᠡᠭᠦᠯᠵᠦ᠂ ᠦᠪᠡᠷᠲᠡᠭᠡᠨ ᠵᠠᠰᠠᠬᠤ ᠣᠷᠤᠨ ᠤ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠶᠢᠨ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃      ᠡᠯ᠎ᠡ ᠠᠶᠢᠮᠠᠭ ᠬᠤᠲᠠ ᠶᠢᠨ ᠠᠵᠢᠯ ᠯᠠᠪᠳᠠᠭᠤᠨ ᠪᠠᠲᠤᠲᠠᠢ᠂ ᠮᠡᠳᠡᠭᠦᠯᠦᠯᠲᠡ ᠢᠳᠡᠪᠬᠢᠲᠡᠢ ᠪᠠᠶᠢᠬᠤ ᠶᠢ  ᠦᠵᠡᠪᠡᠯ᠂ ᠬᠡᠷᠡᠭ ᠤᠨ ᠵᠢᠱᠢᠶ᠎ᠡ ᠳᠤ ᠮᠠᠰᠢ ᠣᠯᠠᠨ ᠤᠬᠠᠭᠤᠯᠤᠨ ᠳᠡᠯᠭᠡᠷᠡᠭᠦᠯᠵᠦ ᠪᠣᠯᠬᠤ ᠰᠢᠨ᠎ᠡ ᠰᠣᠷᠭᠤᠭ ᠲᠤᠷᠰᠢᠯᠭ᠎ᠠ ᠲᠠᠢ ᠶᠤᠮ᠃ ᠦᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠂ ᠥᠯᠢᠭᠡᠷ ᠵᠢᠱᠢᠶ᠎ᠡ ᠶᠢ ᠪᠣᠶ ᠪᠣᠯᠭᠠᠵᠤ᠂ ᠨᠠᠩ ᠣᠯᠠᠨ ᠨᠤᠲᠤᠭ ᠲᠤ ᠪᠠᠨ ᠪᠤᠴᠠᠵᠤ ᠨᠤᠲᠤᠭ ᠲᠤ ᠪᠠᠨ ᠣᠴᠢᠭᠰᠠᠨ ᠬᠥᠮᠥᠰ ᠤᠨ ᠦᠢᠯᠡᠰ ᠪᠤᠰᠬᠠᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠢᠯ ᠣᠯᠭᠤᠯᠲᠠ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠠᠵᠢᠯ ᠢ ᠳᠠᠬᠢᠨ ᠨᠢᠭᠡ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠲᠣᠰ ᠤᠳᠠᠭᠠᠨ ᠤ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ ᠶᠢᠨ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ ᠶᠢᠨ ᠮᠡᠳᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ 12 ᠨᠡᠷᠡᠰ ᠦᠢᠯᠡᠰ ᠪᠤᠰᠬᠠᠵᠦ ᠰᠢᠨ᠎ᠡ ᠶᠢ ᠡᠭᠦᠳᠦᠭᠰᠡᠨ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠤᠰᠬᠠᠵᠦ ᠰᠢᠨ᠎ᠡ ᠶᠢ ᠡᠭᠦᠳᠦᠭᠰᠡᠨ ᠠᠩᠬᠠᠳᠤᠭᠠᠷ ᠪᠦᠯᠦᠭ ᠤᠨ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠮᠠᠭᠠᠳᠯᠠᠨ ᠲᠣᠭᠲᠠᠪᠠ᠃      ᠡᠳᠦᠭᠡ ᠨᠡᠷᠡᠰ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ᠄ 2022 ᠣᠨ ᠤ 6 ᠰᠠᠷ᠎ᠠ ᠶᠢᠨ 27 ᠤ ᠡᠳᠦᠷ ᠠᠴᠠ 2022 ᠣᠨ ᠤ 7 ᠰᠠᠷ᠎ᠠ ᠶᠢᠨ 1 ᠤ ᠡᠳᠦᠷ ᠪᠣᠯᠲᠠᠯ᠎ᠠ᠂ ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ ᠪᠣᠯᠣᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠠᠰᠠᠭᠤᠳᠠᠯ ᠲᠠᠢ ᠪᠣᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠬᠠᠩᠭᠠᠵᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠳᠤᠰᠬᠠᠭᠠᠷᠠᠢ᠃ ᠲᠢᠩᠬᠢᠮ ᠤᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠲᠠᠰᠤ᠄ 0471-6651837       ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠨᠡᠷᠡᠰ                              ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                            ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                            2022 ᠣᠨ ᠤ 6 ᠰᠠᠷ᠎ᠠ ᠶᠢᠨ 27 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号