ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠪᠠᠭ᠎ᠠ ᠬᠠᠷ᠎ᠠ ᠠᠳᠣᠭᠤᠨ ᠤ ᠢᠴᠡᠭᠡᠯ ᠦᠷ᠎ᠡ  ᠬᠠᠳᠠᠭᠠᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/6/29
      ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ︾ ᠭᠤᠷᠪᠠᠨ ᠶᠡᠭᠡ ᠢᠨᠵᠧᠨᠧᠷᠢᠩ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ 6 ᠰᠠᠷ᠎ᠠ ᠶᠢᠨ 6 ᠤ ᠡᠳᠦᠷ ᠠᠴᠠ 6 ᠰᠠᠷ᠎ᠠ ᠶᠢᠨ 26 ᠤ ᠡᠳᠦᠷ ᠪᠣᠯᠲᠠᠯ᠎ᠠ᠂ ᠠᠪᠠᠭ᠎ᠠ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠲᠠᠢ ᠬᠠᠮᠵᠢᠯᠴᠠᠨ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ  ᠠᠳᠤᠭᠤ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠲᠤ ᠠᠪᠠᠭ᠎ᠠ ᠬᠠᠷ᠎ᠠ ᠠᠳᠣᠭᠤᠨ ᠤ ᠢᠴᠡᠭᠡᠯ ᠦᠷ᠎ᠡ ᠬᠠᠳᠠᠭᠠᠯᠠᠬᠤ ᠠᠵᠢᠯ ᠢ ᠥᠷᠨᠢᠭᠦᠯᠪᠡ᠃
1.png
       ᠲᠣᠰ ᠤᠳᠠᠭᠠᠨ ᠤ ᠠᠵᠢᠯ ᠳᠤ NY/T  1900 - 2010 ᠣᠨ ᠤ ︽ᠮᠠᠯ ᠵᠢᠭᠦᠷᠲᠡᠨ ᠤ ᠡᠰ ᠬᠢᠭᠡᠳ ᠬᠦᠪᠦᠷᠡᠯ ᠢ ᠬᠥᠯᠳᠡᠭᠡᠵᠦ ᠡᠭᠦᠯᠳᠡᠷ ᠢ ᠬᠠᠮᠠᠭᠠᠯᠠᠬᠤ ᠮᠡᠷᠭᠡᠵᠢᠯ ᠤᠨ ᠵᠢᠷᠤᠮᠵᠢᠯ︾ ᠤᠨ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ 8 ᠠᠵᠢᠷᠭ᠎ᠠ ᠶᠢ ᠰᠣᠩᠭᠤᠨ ᠦᠷ᠎ᠡ ᠶᠢ ᠨᠢ ᠠᠪᠴᠤ ᠂ ᠨᠡᠶᠢᠲᠡ 3156 ᠢᠴᠡᠭᠡᠯ ᠦᠷ᠎ᠡ ᠶᠢᠨ ᠰᠢᠩᠭᠡᠨ  ᠢ ᠦᠢᠯᠡᠳᠴᠦ᠂ ᠠᠪᠠᠭ᠎ᠠ ᠬᠠᠷ᠎ᠠ ᠠᠳᠣᠭᠤᠨ ᠤ ᠢᠴᠡᠭᠡᠯ ᠦᠷ᠎ᠡ ᠶᠢᠨ ᠰᠢᠩᠭᠡᠨ ᠢ ᠦᠶᠯᠡᠳᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃ ᠲᠤᠰᠬᠠᠢ ᠮᠡᠷᠭᠡᠵᠢᠯ ᠤᠨ ᠠᠵᠢᠯᠲᠠᠳ ᠠᠪᠠᠭ᠎ᠠ ᠬᠠᠷ᠎ᠠ ᠠᠳᠤᠭᠤᠨ ᠤ ᠡᠭᠦᠯᠳᠡᠷ ᠤᠨ ᠠᠵᠢᠷᠭ᠎ᠠ ᠶᠢ ᠰᠤᠷᠭᠠᠭᠠᠬᠤ᠂  ᠠᠷᠠᠴᠢᠯᠠᠯᠲᠠ ᠬᠠᠮᠢᠶᠠᠷᠤᠯᠲᠠ᠂ ᠦᠷ᠎ᠡ ᠠᠪᠬᠤ ᠳᠠᠪᠲᠠᠮᠵᠢ ᠪᠠ ᠬᠤᠷᠤᠭᠤ ᠰᠢᠯ ᠳᠠᠬᠢ ᠢᠴᠡᠭᠡᠯ ᠦᠷ᠎ᠡ ᠶᠢᠨ ᠨᠢᠭᠲᠠᠴᠠ ᠶᠢ ᠲᠣᠬᠢᠷᠠᠭᠤᠯᠬᠤ ᠵᠡᠷᠭᠡ ᠮᠡᠷᠭᠡᠵᠢᠯ ᠤᠨ ᠭᠤᠭᠴᠤᠭ᠎ᠠ ᠶᠢ ᠰᠢᠯᠢᠳᠡᠭᠵᠢᠭᠦᠯᠵᠦ᠂ ᠬᠤᠶᠢᠰᠢᠳᠠ ᠶᠢᠨ ᠠᠳᠤᠭᠤᠨ ᠤ ᠤᠳᠤᠮᠰᠢᠯ ᠤᠨ ᠮᠠᠲ᠋ᠧᠷᠢᠶᠠᠯ ᠢ ᠦᠶᠯᠡᠳᠬᠦ ᠵᠢᠴᠢ ᠡᠭᠦᠯᠳᠡᠷ ᠬᠠᠮᠠᠭᠠᠯᠠᠬᠤ ᠠᠵᠢᠯ ᠳᠤ ᠪᠠᠲᠤ ᠴᠢᠩᠭ᠎ᠠ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
2.png
 
3.png
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号