ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠵᠢᠴᠢ ᠠᠳᠤᠭᠤ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/29
      6 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯ ᠤᠨ ᠠᠵᠢᠯᠲᠠᠳ ᠥᠪᠡᠷᠲᠡᠭᠡᠨ ᠵᠠᠰᠠᠬᠤ ᠣᠷᠣᠨ ᠤ ︽ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ︾ ᠭᠤᠷᠪᠠᠨ ᠶᠡᠭᠡ ᠢᠨᠵᠧᠨᠧᠷᠢᠩ ᠤᠨ ᠲᠣᠭᠤᠷᠢᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠮᠠᠯ ᠠᠵᠤ ᠠᠬᠤᠢ ᠶᠢᠨ ᠠᠩᠭᠢ ᠶᠢᠨ 50 ᠭᠠᠷᠤᠢ ᠪᠠᠭᠰᠢ ᠰᠤᠷᠤᠭᠴᠢᠳ ᠲᠤ ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠵᠢᠴᠢ ᠠᠳᠤᠭᠤ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠪᠡ᠃ ᠲᠤᠰᠬᠠᠢ ᠮᠡᠷᠭᠡᠵᠢᠯ ᠤᠨ ᠠᠵᠢᠯᠲᠠᠨ ᠨᠢᠭᠡ ᠳᠤ ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠢᠨᠵᠧᠨᠧᠷᠢᠩ᠂ ᠠᠳᠣᠭᠤᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ᠂ ᠤᠯᠤᠰ ᠤᠨ ᠲᠠᠰ ᠤᠨ ᠬᠠᠮᠠᠭᠠᠯᠠᠯᠲᠠ ᠶᠢᠨ ᠣᠷᠣᠨ ︵ᠡᠭᠦᠯᠳᠡᠷ ᠢ ᠬᠠᠮᠠᠭᠠᠯᠠᠬᠤ ᠲᠠᠯᠠᠪᠠᠶ︶ ᠤ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠪᠠ᠂ ᠬᠤᠶᠠᠷ ᠲᠤ ᠰᠤᠷᠤᠭᠴᠢᠳ ᠲᠤ ᠠᠳᠤᠭᠤᠨ ᠤ ᠭᠠᠷ ᠬᠡᠭᠡᠯᠲᠦᠭᠦᠯᠭᠡ᠂ ᠠᠳᠤᠭᠤᠨ ᠤ ᠢᠴᠡᠭᠡᠯ ᠦᠷ᠎ᠡ ᠶᠢᠨ ᠰᠢᠩᠭᠡᠨ ᠢ ᠦᠶᠯᠡᠳᠬᠦ᠂ ᠠᠳᠤᠭᠤᠨ ᠤ ᠬᠦᠪᠦᠷᠡᠯ ᠢ ᠰᠢᠯᠵᠢᠭᠦᠯᠦᠨ ᠪᠣᠶᠢᠵᠢᠭᠤᠯᠬᠤ ᠵᠡᠷᠭᠡ ᠮᠡᠷᠭᠡᠵᠢᠯ ᠢᠶᠠᠷ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠪᠠ ᠪᠣᠯᠪᠠᠰᠤᠷᠠᠭᠤᠯᠤᠯ ᠬᠢᠪᠡ᠃ ᠡᠭᠦᠨ ᠤ ᠵᠡᠷᠭᠡ ᠳᠤ᠂ ᠰᠤᠷᠤᠭᠴᠢᠳ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠲᠠᠶᠢᠯᠪᠤᠷᠢᠯᠠᠨ ᠶᠠᠷᠢᠵᠤ᠂ ᠰᠤᠷᠤᠭᠴᠢᠳ ᠲᠤ ᠪᠣᠳᠠᠲᠠᠢ ᠪᠣᠯᠪᠠᠰᠤᠷᠠᠯ ᠤᠨ ᠤᠷ᠎ᠠ ᠴᠢᠳᠠᠪᠤᠷᠢ ᠶᠢ ᠤᠯᠠᠮᠵᠢᠯᠠᠨ ᠥᠭᠴᠦ᠂ ᠰᠤᠷᠤᠭᠴᠢᠳ ᠤᠨ ᠮᠡᠷᠭᠡᠵᠢᠯ ᠰᠤᠷᠬᠤ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠬᠤ ᠬᠠᠯᠠᠭᠤᠨ ᠰᠡᠳᠬᠢᠯᠭᠡ ᠶᠢ  ᠨᠢ ᠬᠥᠭᠵᠢᠭᠡᠨ᠂ ᠰᠤᠷᠤᠯᠴᠠᠬᠤ ᠠᠭᠤᠷ ᠠᠮᠢᠰᠬᠤᠯ ᠢ ᠪᠤᠶ ᠪᠣᠯᠭᠠᠵᠤ᠂ ᠪᠠᠭᠰᠢ ᠰᠤᠷᠤᠭᠴᠢᠳ ᠤᠨ ᠰᠠᠶᠢᠨ ᠦᠨᠡᠯᠡᠯᠲᠡ ᠶᠢ ᠣᠯᠵᠤ᠂ ᠠᠳᠤᠭᠤᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠦᠨᠡᠨ ᠬᠦ ᠰᠠᠶᠢᠲᠤᠷ ᠬᠢᠬᠦ ᠪᠠ ᠬᠤᠯᠪᠣᠭᠳᠠᠯ ᠪᠦᠬᠦᠢ ᠮᠡᠷᠭᠡᠵᠢᠯ ᠢ ᠳᠡᠯᠭᠡᠷᠡᠭᠦᠯᠬᠦ ᠳᠤ ᠠᠬᠢᠭᠤᠯᠬᠤ ᠦᠢᠯᠡᠳᠦᠯ ᠭᠠᠷᠭᠠᠭᠰᠠᠨ ᠪᠠᠶᠢᠨ᠎ᠠ᠃
图片1.png
 
图片2.png
图片3.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号