ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠥᠬᠦ ᠣᠷᠣᠨ ᠤ ᠲᠣᠰᠣᠯᠢᠭ ᠲᠠᠷᠢᠮᠠᠯ ᠵᠢᠴᠢ ᠠᠵᠤ ᠠᠬᠤᠢ ᠶᠢᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠰᠦᠯᠵᠢᠶᠡᠨ ᠤ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/6/29
      ᠪᠥᠬᠦ ᠣᠷᠣᠨ ᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ 6 ᠰᠠᠷ᠎ᠠ ᠶᠢᠨ 24 ᠤ ᠡᠳᠦᠷ ᠤᠷᠭᠤᠮᠠᠯ ᠢ ᠬᠠᠮᠠᠭᠠᠯᠠᠨ ᠪᠠᠶᠢᠴᠠᠭᠠᠬᠤ ᠭᠠᠵᠠᠷ ᠠᠴᠠ ᠡᠯ᠎ᠡ ᠠᠶᠢᠮᠠᠭ ᠬᠤᠲᠠ ᠪᠣᠯᠣᠨ ᠬᠤᠰᠢᠭᠤ ᠰᠢᠶᠠᠨ ᠬᠤᠲᠠ ᠲᠣᠭᠤᠷᠢᠭ ᠤᠨ ᠤᠷᠭᠤᠮᠠᠯ ᠤᠨ ᠬᠠᠮᠠᠭᠠᠯᠠᠯᠲᠠ ᠶᠢᠨ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠥᠬᠦ ᠣᠷᠣᠨ ᠤ ᠲᠣᠰᠣᠯᠢᠭ ᠲᠠᠷᠢᠮᠠᠯ ᠵᠢᠴᠢ ᠠᠵᠤ ᠠᠬᠤᠢ ᠶᠢᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠰᠦᠯᠵᠢᠶᠡᠨ ᠤ ᠪᠣᠯᠪᠠᠰᠤᠷᠠᠭᠤᠯᠤᠯ ᠤᠨ ᠠᠩᠭᠢ ᠶᠢ ᠠᠮᠵᠢᠯᠲᠠ ᠲᠠᠢ ᠡᠷᠭᠢᠯᠡᠪᠡ᠃ ᠭᠤᠣᠯ ᠬᠤᠷᠠᠯ ᠤᠨ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠪᠠᠶᠢᠷᠢᠯᠠᠭᠤᠯᠵᠤ᠂ ᠪᠥᠬᠦ ᠣᠷᠣᠨ ᠳᠤ ᠨᠡᠶᠢᠲᠡ 129 ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠨᠡᠶᠢᠲᠡ 300 ᠭᠠᠷᠤᠢ ᠲᠤᠰᠬᠠᠢ ᠮᠡᠷᠭᠡᠵᠢᠯ ᠤᠨ ᠠᠵᠢᠯᠲᠠᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠢ᠃
1.png
       ᠲᠣᠰ ᠤᠳᠠᠭᠠᠨ ᠤ ᠪᠣᠯᠪᠠᠰᠤᠷᠠᠭᠤᠯᠤᠯ ᠳᠤ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠶᠧ ᠸᠧᠨ ᠦ᠋᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠯᠢ ᠽᠢ ᠴᠢᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠬᠤ᠋ ᠵᠢᠶᠦ᠋ᠨ ᠪᠣᠯᠣᠨ ᠫᠷᠤᠹᠧᠰᠰᠤᠷ ᠵᠣᠣ ᠵᠢᠶᠦ᠋ᠨ ᠢ ᠤᠷᠢᠵᠤ ᠲᠣᠰ ᠲᠣᠰ ᠰᠢᠷ᠎ᠠ ᠪᠤᠷᠴᠠᠭ᠂ ᠰᠢᠯᠢᠮᠳᠡᠭ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠲᠣᠰᠣᠯᠢᠭ ᠲᠠᠷᠢᠮᠠᠯ ᠪᠠ ᠠᠵᠤ ᠠᠬᠤᠢ ᠶᠢᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠲᠥᠷᠥᠯ ᠵᠦᠢᠯ ᠢ ᠢᠯᠭᠠᠨ ᠲᠠᠨᠢᠬᠤ᠂ ᠡᠭᠦᠰᠬᠦ ᠵᠢᠮ᠎ᠡ ᠶᠣᠰᠣ ᠵᠢᠴᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠮᠡᠷᠭᠡᠵᠢᠯ ᠳᠤ ᠴᠢᠭᠯᠡᠭᠦᠯᠦᠨ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠯᠭᠡᠭᠰᠡᠨ ᠪᠠᠶᠢᠨ᠎ᠠ᠃ ᠭᠠᠵᠠᠷ ᠤᠨ ᠳᠠᠷᠤᠭ᠎ᠠ ᠬᠤᠸᠠᠩ ᠵᠢᠶᠦ᠋ᠨ ᠰᠢᠶᠠ ᠣᠳᠣᠬᠠᠨ ᠤ ᠭᠤᠣᠯᠳᠠᠯᠭ᠎ᠠ  ᠲᠠᠢ ᠠᠵᠢᠯ ᠳᠤ ᠴᠢᠭᠯᠡᠭᠦᠯᠦᠨ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠪᠦᠬᠦ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠠᠷᠢᠶᠠᠨ ᠡᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠃ ᠣᠳᠣᠬᠠᠨ ᠳᠤ ᠪᠣᠯ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠪᠠᠶᠢᠴᠠᠭᠠᠵᠤ ᠪᠠᠶᠢᠴᠠᠭᠠᠬᠤ ᠪᠠ ᠰᠡᠷᠭᠡᠶᠢᠯᠡᠨ ᠵᠠᠰᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠬᠢᠨ ᠡᠷᠬᠡᠪᠰᠢ ᠲᠤᠰᠬᠠᠢ ᠬᠥᠮᠥᠨ ᠲᠣᠮᠢᠯᠠᠨ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠶᠢ ᠬᠠᠷᠢᠭᠤᠴᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ ᠶᠢ ᠴᠠᠭ ᠲᠤᠬᠠᠢ ᠳᠤ  ᠨᠢ ᠠᠵᠢᠯᠯᠠᠭᠤᠯᠵᠤ᠂ ᠰᠢᠰᠲ᠋ᠧᠮ ᠤᠨ ᠨᠡᠶᠢᠳᠡᠮ ᠪᠠᠶᠢᠴᠠᠭᠠᠯᠲᠠ ᠪᠠ ᠲᠠᠷᠢᠶᠠᠨ ᠭᠠᠵᠠᠷ ᠤᠨ ᠪᠠᠶᠢᠴᠠᠭᠠᠯᠲᠠ ᠶᠢ ᠴᠢᠩᠭᠠᠳᠬᠠᠨ᠂ ᠡᠪᠡᠳᠴᠢᠨ ᠬᠤᠷᠣᠬᠠᠢ ᠶᠢᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤ  ᠨᠢ ᠣᠨᠣᠪᠴᠢᠲᠠᠶ ᠨᠡᠶᠢᠲᠡᠯᠡᠵᠦ᠂ ᠲᠠᠷᠢᠶᠠᠴᠢᠳ ᠢ ᠵᠢᠯᠣᠭᠤᠳᠤᠨ ᠴᠠᠭ ᠲᠤ  ᠨᠢ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠬᠡᠷᠡᠭᠲᠡᠢ︔ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠬᠦᠨᠳᠦ ᠶᠡᠭᠡ ᠡᠪᠡᠳᠴᠢᠨ ᠬᠤᠷᠣᠬᠠᠢ ᠶᠢᠨ ᠬᠦᠨᠦᠭᠡᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠴᠢᠬᠤᠯᠠᠴᠢᠯᠠᠯ ᠪᠠ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠨᠠᠩᠭᠢ ᠬᠤᠷᠣᠬᠠᠢ᠂ ᠡᠪᠡᠰᠦᠲᠦ ᠭᠠᠵᠠᠷ ᠤᠨ ᠮᠢᠩ ᠡᠷᠪᠡᠬᠡᠢ᠂ ᠲᠥᠮᠥᠰᠥ ᠶᠢᠨ ᠣᠷᠣᠢ ᠶᠢᠨ ᠬᠢᠵᠢᠭ ᠡᠪᠡᠳᠴᠢᠨ ᠵᠡᠷᠭᠡ ᠴᠣᠴᠢᠮᠠᠭ ᠡᠭᠦᠰᠬᠦ ᠴᠢᠨᠠᠷᠲᠠᠢ᠂ ᠲᠠᠬᠤᠯ ᠤᠨ ᠴᠢᠨᠠᠷᠲᠠᠢ ᠡᠪᠡᠳᠴᠢᠨ ᠬᠤᠷᠣᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠢ ᠳᠤ  ᠨᠢ ᠵᠣᠬᠢᠶᠠᠨ ᠪᠠᠶᠢᠭᠤᠯᠬᠤ ᠬᠡᠷᠡᠭᠲᠡᠢ︔ ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠪᠠ ᠲᠠᠷᠢᠶᠠᠨ ᠡᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠲᠠᠷᠢᠶᠠᠨ ᠡᠮ ᠢ ᠠᠮᠤᠷ ᠲᠦᠪᠰᠢᠨ ᠢᠶᠠᠷ ᠬᠡᠷᠡᠭᠯᠡᠬᠦ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ ᠂ ᠬᠥᠮᠥᠨ ᠮᠠᠯ ᠤᠨ ᠬᠤᠣᠷᠳᠠᠭᠳᠠᠬᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ︔ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ ᠨᠥᠬᠦᠪᠦᠷᠢ ᠶᠢᠨ ᠵᠠᠷᠤᠳᠠᠯ ᠤᠨ ᠬᠡᠷᠡᠭᠯᠡᠯᠲᠡ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
2.png
       ᠲᠣᠰ ᠤᠳᠠᠭᠠᠨ ᠤ ᠪᠣᠯᠪᠠᠰᠤᠷᠠᠭᠤᠯᠤᠯ   ᠨᠢ ᠦᠨᠳᠦᠰᠦᠨ ᠱᠠᠲᠤᠨ ᠤ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯ ᠤᠨ ᠠᠵᠢᠯᠲᠠᠨ ᠤ ᠲᠣᠰᠣᠯᠢᠭ ᠲᠠᠷᠢᠮᠠᠯ ᠵᠢᠴᠢ ᠠᠵᠤ ᠠᠬᠤᠢ ᠶᠢᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠪᠥᠬᠦ ᠣᠷᠣᠨ ᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号