ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠤ ᠮᠠᠯᠵᠢᠬᠤ ᠣᠷᠤᠨ ᠤ ᠲᠣᠪᠴᠢᠶ᠎ᠠ 2022 ᠣᠨ ᠤ ᠬᠢᠩᠭᠠᠨ ᠠᠶᠢᠮᠠᠭ ᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/30
      ᠬᠢᠩᠭᠠᠨ ᠠᠶᠢᠮᠠᠭ ᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠤᠨᠢ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠤ ᠮᠠᠯᠵᠢᠬᠤ ᠣᠷᠤᠨ ᠤ ᠲᠣᠪᠴᠢᠶ᠎ᠠ 2022 ᠣᠨ ᠤ ᠬᠢᠩᠭᠠᠨ ᠠᠶᠢᠮᠠᠭ ᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠤ ᠮᠠᠯᠵᠢᠬᠤ ᠣᠷᠤᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠯᠢ ᠵᠧᠨ ᠯᠢᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠤ ᠮᠠᠯᠵᠢᠬᠤ ᠣᠷᠤᠨ ᠤ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠠᠩ ᠹᠦ᠋ ᠵᠢᠶᠦ᠋ᠨ ᠬᠤᠷᠠᠯ ᠢ ᠡᠷᠭᠢᠯᠡᠵᠦ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠭᠤᠸ ᠬᠤᠩ᠂ ᠡᠯ᠎ᠡ ᠬᠤᠰᠢᠭᠤ ᠰᠢᠶᠠᠨ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠠᠷᠤᠭ᠎ᠠ᠂ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠤᠯᠴᠠᠪᠠ ᠃
图片1.png
       ᠶᠠᠷᠢᠯᠴᠠᠬᠤ ᠬᠤᠷᠠᠯ ᠳᠡᠭᠡᠷ᠎ᠡ ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢᠳ ᠲᠤᠰ ᠲᠤᠰ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠂ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠴᠡ ᠪᠣᠯᠣᠨ ᠰᠠᠨᠠᠯ ᠰᠠᠨᠠᠭᠤᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ ︔ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠭᠤᠸ ᠬᠤᠩ ᠡᠯ᠎ᠡ ᠠᠵᠤ ᠠᠬᠤᠶᠢᠯᠠᠯ ᠤᠨ ᠳᠤᠷᠠᠳᠤᠭᠰᠠᠨ ᠵᠢᠭᠡᠯᠡᠯᠭᠡ ᠶᠢᠨ ᠪᠡᠯᠡ ᠲᠣᠬᠢᠷᠠᠭᠤᠯᠭ᠎ᠠ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠠᠷᠠᠭᠠᠨ ᠤ ᠭᠦᠢᠯᠭᠡᠭᠡᠨ ᠤ ᠪᠠᠷᠠᠭᠠᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠠᠰᠠᠭᠤᠳᠠᠯ ᠳᠤ ᠨᠢᠭᠡ ᠨᠢᠭᠡ ᠪᠠᠷ ᠬᠠᠷᠢᠭᠤᠯᠵᠤ ᠂ ᠠᠵᠤ ᠠᠬᠤᠶᠢᠯᠠᠯ ᠤᠨ ᠡᠷᠡᠭᠡᠯᠵᠡᠭᠡ ᠶᠢ ᠠᠯᠳᠠᠷᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠬᠥᠪᠴᠢᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠂ ᠦᠢᠯᠡᠳᠬᠦᠨ ᠤ ᠪᠠᠶᠢᠷᠢ ᠲᠣᠭᠲᠠᠭᠠᠯᠲᠠ ᠶᠢ ᠣᠨᠤᠪᠴᠢᠲᠠᠢ ᠣᠯᠬᠤ ᠪᠣᠯ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠤᠷᠢᠲᠠᠯ ᠪᠣᠯᠣᠨ᠎ᠠ ᠂ ᠠᠵᠤ ᠠᠬᠤᠶᠢᠯᠠᠯ ᠤᠳ ᠬᠥᠭᠵᠢᠯᠲᠡ ᠶᠢᠨ ᠬᠠᠷᠠᠯᠲᠠ ᠪᠠ ᠦᠢᠯᠡᠳᠬᠦᠨ ᠤ ᠵᠠᠬ᠎ᠠ ᠳᠡᠯᠭᠡᠭᠦᠷ ᠢᠶᠠᠨ ᠴᠢᠨᠠᠭᠰᠢᠳᠠ ᠲᠣᠳᠣᠷᠬᠠᠶᠢᠯᠠᠵᠤ ᠂ ᠬᠠᠷᠠᠯᠲᠠ ᠲᠠᠢ ᠪᠠᠷ ᠣᠨᠤᠰᠢᠯᠠᠬᠤ ᠬᠡᠷᠡᠭᠲᠡᠢ ︔ ᠡᠯ᠎ᠡ ᠠᠵᠤ ᠠᠬᠤᠶᠢᠯᠠᠯ ᠬᠤᠭᠤᠷᠣᠨᠳᠤ ᠪᠠᠨ ᠨᠡᠪᠲᠡᠷᠡᠯᠴᠡᠭᠡ ᠪᠠᠨ ᠴᠢᠩᠭᠠᠳᠬᠠᠵᠤ᠂ ᠨᠡᠪᠲᠡᠷᠡᠯᠴᠡᠭᠡ ᠶᠢᠨ ᠳᠤᠮᠳᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠩᠭᠠᠨ ᠠᠶᠢᠮᠠᠭ ᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠪᠣᠬᠢᠷᠳᠤᠯ ᠦᠭᠡᠢ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠤᠳ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠮᠵᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠪᠢᠰᠬᠠᠬᠤ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ︔ ᠪᠣᠷᠳᠣᠵᠤ ᠲᠠᠷᠭᠤᠯᠠᠭᠤᠯᠬᠤ ᠦᠬᠡᠷ ᠂ ᠬᠤᠨᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠡᠮᠡᠭᠳᠡᠭᠦᠯᠦᠨ ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ ᠲᠡᠭᠦᠯᠳᠡᠷᠵᠢᠭᠦᠯᠵᠦ ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ︔ ᠠᠵᠤ ᠠᠬᠤᠶᠢᠯᠠᠯ ᠤᠨ ᠢᠲᠡᠭᠡᠯ ᠬᠦᠨᠳᠦ ᠶᠢᠨ ᠪᠠᠶᠢᠭᠤᠯᠤᠯᠲᠠ ᠶᠢ ᠴᠢᠩᠭᠠᠳᠬᠠᠵᠤ ᠂ ᠲᠦᠷᠦᠯ ᠲᠡᠮᠳᠡᠭ ᠤᠨ ᠬᠠᠮᠢᠶᠠᠷᠤᠯᠲᠠ ᠶᠢ ᠴᠢᠩᠭᠠᠳᠬᠠᠵᠤ ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠳᠦᠷᠢᠮ ᠢ ᠴᠢᠩᠭ᠎ᠠ ᠵᠢᠷᠤᠮᠯᠠᠵᠤ ᠂ ᠪᠠᠷᠢᠮᠵᠢᠶ᠎ᠠ ᠂ ᠬᠤᠷᠢᠭ᠎ᠠ ᠱᠤᠭᠤᠮ ᠢ ᠴᠠᠭ ᠢᠮᠠᠭᠲᠠ ᠪᠠᠲᠤ ᠴᠡᠭᠡᠵᠢᠯᠡᠵᠦ ᠂ ᠦᠢᠯᠡᠳᠬᠦᠨ ᠤ ᠶᠠᠰᠤ ᠴᠢᠨᠠᠷ ᠢ ᠪᠠᠲᠤᠯᠠᠵᠤ ᠂ ᠰᠠᠶᠢᠨ ᠲᠠᠷᠢᠶ᠎ᠠ ᠰᠢᠮᠡᠯᠢᠭ ᠬᠥᠷᠥᠰᠥ ᠠᠴᠠ ᠰᠠᠶᠢᠨ ᠠᠮᠤ ᠪᠤᠳᠠᠭ᠎ᠠ ᠭᠠᠷᠴᠤ᠂ ᠦᠬᠡᠷ ᠬᠤᠨᠢᠨ ᠮᠢᠬ᠎ᠠ ᠣᠨᠴᠠᠭᠠᠢ ᠠᠮᠲᠠᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号