︽ᠯᠧ ᠯᠢᠨ ᠮᠠᠯᠵᠢᠯ ᠤᠨ ᠲᠠᠯᠠᠪᠠᠢ ᠳᠤ ᠨᠢᠭᠡ ᠬᠤᠨᠢ ᠠᠷᠠᠴᠢᠯᠠᠨ ᠮᠠᠯᠵᠢᠬᠤ︾ ᠲᠦᠯᠦᠪᠯᠡᠭᠡ ᠶᠢ ᠡᠬᠢᠯᠡᠬᠦᠯᠬᠦ ᠶᠤᠰᠤᠯᠠᠯ ᠶᠠᠪᠤᠬᠳᠠᠵᠠᠢ
ᠨᠡᠶᠢᠲᠡᠯᠡᠭᠰᠡᠨ ᠴᠠᠭ᠄
2022/6/30
      ᠣᠶᠢᠷ᠎ᠠ ᠳᠤ᠂ ︽ᠤᠯᠤᠰ ᠢᠶᠠᠨ ᠬᠦᠴᠦᠷᠭᠡᠭᠵᠢᠬᠦᠯᠦᠨ ᠮᠠᠨᠳᠤᠭᠤᠯᠬᠤ ᠳᠤ ᠪᠢ ᠪᠠᠶᠢᠨ᠎ᠠ︾ ᠬᠡᠮᠡᠬᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠬᠠᠢ ᠰᠤᠷᠤᠯᠴᠠᠵᠤ ᠪᠡᠶᠡᠴᠢᠯᠡᠨ ᠤᠢᠢᠯᠠᠭᠠᠬᠤ ᠠᠵᠢᠯᠯᠠᠭ᠎ᠠ ᠵᠢᠴᠢ ︽ᠯᠧ ᠯᠢᠨ ᠮᠠᠯᠵᠢᠯ ᠤᠨ ᠲᠠᠯᠠᠪᠠᠢ ᠳᠤ ᠨᠢᠭᠡ ᠬᠤᠨᠢ ᠠᠷᠠᠴᠢᠯᠠᠨ ᠮᠠᠯᠵᠢᠬᠤ︾ ᠲᠦᠯᠦᠪᠯᠡᠭᠡ ᠶᠢ ᠡᠬᠢᠯᠡᠬᠦᠯᠬᠦ ᠶᠤᠰᠤᠯᠠᠯ ᠪᠤᠭᠤᠳᠤ ᠬᠤᠳᠠ ᠶᠢᠨ ᠬᠦᠶᠠᠩ ᠰᠢᠶᠠᠨ ᠳᠤ ᠶᠠᠪᠤᠬᠳᠠᠬᠰᠠᠨ ᠪᠠᠶᠢᠨ᠎ᠠ᠃      ᠡᠬᠢᠯᠡᠯᠳᠡ ᠶᠢᠨ ᠶᠤᠰᠤᠯᠠᠯ ᠳᠤ᠂ ᠲᠤᠮᠳᠠᠳᠤ ᠤᠯᠤᠰ ᠤᠨ ᠨᠠᠰᠤᠲᠠᠶᠢᠴᠤᠤᠯ ᠤᠨ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦᠨ ᠤ ᠨᠡᠶᠢᠭᠡᠮᠯᠢᠭ ᠤᠨ ᠬᠠᠯᠠᠭᠤᠨ ᠰᠡᠳᠭᠢᠯᠳᠤ ᠬᠦᠮᠦᠰ ᠴᠠᠭ ᠲᠤᠬᠠᠢ ᠳᠤᠨᠢ  ᠭᠦᠶᠠᠩ ᠤᠨ ᠲᠠᠯ᠎ᠠ ᠨᠤᠲᠤᠭ ᠤᠨ ᠪᠠᠢ ᠶᠢᠩ ᠮᠠᠯ ᠲᠠᠷᠢᠶᠠᠯᠠᠩ ᠤᠨ ᠠᠵᠥ ᠦᠢᠯᠡᠰ ᠤᠨ ᠬᠦᠭᠵᠢᠯᠲᠡ ᠶᠢᠨ ᠬᠢᠵᠠᠭᠠᠷᠳᠤ ᠺᠤᠮᠫᠠᠨᠢ ᠳᠤ ᠰᠢᠭᠤᠳ ᠨᠡᠪᠳᠡᠷᠡᠭᠦᠯᠭᠡ ᠪᠠᠷ ︽ᠰᠠᠭᠠᠳᠠᠵᠤ︾᠂ ᠢᠨᠲ᠋ᠧᠷ ᠰᠦᠯᠵᠢᠶ᠎ᠠ ᠪᠤᠯᠤᠨ ᠺᠤᠮᠫᠠᠨᠢ ᠶᠢᠨ ᠰᠦᠯᠵᠢᠶ᠎ᠠ ᠠᠴᠠ ᠬᠠᠶᠢᠷ᠎ᠠ ᠬᠠᠯᠠᠮᠵᠢ ᠶᠢᠨ ᠬᠤᠨᠢ ᠶᠢ ᠮᠦᠩᠬᠦ ᠵᠤᠭᠤᠰ ᠭᠠᠷᠭᠠᠨ ᠠᠷᠠᠴᠢᠯᠠᠨ ᠮᠠᠯᠵᠢᠵᠥ ᠪᠠᠶᠢᠯ᠎ᠠ᠃      ᠬᠦᠶᠠᠩ ᠰᠢᠶᠠᠨ ᠪᠤᠯ ᠲᠠᠯᠠᠨ ᠬᠠᠷ᠎ᠠ ᠶᠢᠨ ᠠᠷᠤ ᠪᠡᠯ ᠤᠨ ᠬᠠᠭᠠᠰ ᠮᠠᠯᠵᠢᠬᠤ ᠬᠠᠭᠠᠰ ᠲᠠᠷᠢᠶᠠᠯᠠᠬᠤ ᠶᠢᠨ ᠠᠭᠤᠯᠵᠠᠷ ᠤᠷᠤᠨ ᠳᠤ ᠪᠠᠶᠢᠷᠢᠯᠠᠵᠤ᠂ ᠨᠠᠷᠠᠨ ᠤ ᠬᠦᠢᠴᠡᠳ ᠰᠠᠶᠢᠨ ᠲᠤᠰᠤᠯᠳᠠ ᠪᠤᠯᠤᠨ ᠰᠠᠷᠢᠭᠦᠬᠡᠨ ᠠᠭᠤᠷ ᠠᠮᠢᠰᠬᠤᠯ ᠢᠶᠠᠷ ᠢᠶᠠᠨ ᠡᠳᠡᠭᠡᠳ ᠦᠪᠡᠷᠮᠢᠴᠡ ᠮᠠᠯ ᠲᠠᠷᠢᠶᠠᠯᠠᠩ ᠤᠨ ᠪᠦᠲᠦᠭᠡᠭᠳᠡᠭᠦᠨ ᠢ ᠪᠦᠷᠢᠯᠳᠦᠭᠦᠯᠦᠭᠰᠡᠨ ᠪᠠᠶᠢᠳᠠᠭ᠃ ᠭᠦᠶᠠᠩ ᠤᠨ ᠬᠤᠨᠢ ᠪᠦᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯ ᠤᠨ ᠲᠡᠮᠳᠡᠭ ᠢ ᠬᠦᠷᠳᠡᠵᠦ᠂ ᠤᠳᠤ ᠲᠤᠰ ᠰᠢᠶᠠᠨ ᠤ ᠮᠠᠯᠵᠢᠵᠦ ᠪᠠᠶᠢᠭ᠎ᠠ ᠬᠤᠨᠢᠨ ᠤ ᠲᠤᠭ᠎ᠠ 110 ᠲᠦᠮᠡ ᠤᠷᠴᠢᠮ ᠬᠦᠷᠴᠤ ᠪᠠᠶᠢᠨ᠎ᠠ᠃ ᠲᠤᠰ ᠰᠢᠶᠠᠨ ᠪᠤᠯ ᠦᠪᠡᠷᠳᠡᠭᠡᠨ ᠵᠠᠰᠠᠬᠤ ᠣᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠲᠠᠢ ᠬᠠᠪᠰᠤᠷᠤᠨ ᠲᠡᠮᠵᠢᠬᠦ ᠬᠤᠰᠢᠭᠤ ᠰᠢᠶᠠᠨ ᠤ ᠨᠢᠬᠡ ᠪᠤᠯᠤᠨ᠎ᠠ᠃ ᠲᠤᠰ ᠤᠳᠠᠭᠠᠨ ᠤ ᠠᠵᠢᠯᠯᠠᠭ᠎ᠠ ᠶᠢ ᠲᠤᠰ ᠰᠢᠶᠠᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠭᠤᠤᠯᠴᠢᠯᠠᠠ ᠬᠠᠷᠢᠭᠤᠴᠠᠵᠦ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠨᠠᠰᠤᠲᠠᠶᠢᠴᠤᠳ ᠲᠤ ᠦᠢᠯᠡᠴᠢᠯᠡᠳᠡᠭ ᠪᠦᠬᠦ ᠤᠯᠤᠰ ᠤᠨ ᠴᠢᠨᠠᠷᠳᠠᠢ ᠨᠡᠶᠢᠭᠡᠮ ᠨᠡᠶᠢᠲᠡ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠲᠠ ᠪᠤᠯᠬᠤ ᠲᠤᠮᠳᠠᠳᠤ ᠤᠯᠤᠰ ᠤᠨ ᠨᠠᠰᠤᠲᠠᠶᠢᠴᠤᠤᠯ ᠤᠨ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦᠨ ᠤ ᠨᠡᠶᠢᠭᠡᠮᠯᠢᠭ ᠲᠠᠢ ᠬᠤᠯᠪᠤᠭᠠᠯᠠᠨ᠂ ᠦᠪᠦᠷ ᠮᠤᠩᠭᠤᠯ ᠤᠨ ᠵᠦᠩ ᠨᠦᠩ ᠯᠢᠶᠠᠨ ᠮᠠᠯ ᠲᠠᠷᠢᠶᠠᠯᠠᠩ ᠤᠨ ᠦᠢᠯᠡᠰ ᠤᠨ ᠨᠡᠭᠡᠭᠡᠯᠳᠡ ᠶᠢᠨ ᠬᠢᠵᠠᠭᠠᠷᠳᠤ ᠺᠤᠮᠫᠠᠨᠢ ᠶᠢ ᠤᠷᠢᠨ ᠤᠷᠤᠭᠤᠯᠵᠦ ᠬᠠᠮᠳᠤ ᠪᠠᠷ ᠡᠭᠦᠰᠭᠡᠨ ᠪᠠᠶᠢᠭᠤᠯᠤᠭᠰᠠᠨ ᠪᠠᠶᠢᠨ᠎ᠠ᠃      ᠲᠤᠰ ᠠᠵᠢᠯᠯᠠᠭ᠎ᠠ ᠨᠢ ᠮᠠᠯ ᠠᠵᠤ ᠠᠬᠤᠢ ᠶᠢᠨ ᠰᠤᠶᠤᠯ ᠢᠶᠠᠷ ᠤᠨᠴᠠᠯᠢᠭ ᠪᠤᠯᠭᠠᠬᠰᠠᠨ ᠮᠠᠯ ᠲᠠᠷᠢᠶᠠᠯᠠᠩ ᠤᠨ ᠠᠷᠠᠴᠢᠯᠠᠨ ᠮᠠᠯᠵᠢᠬᠤ ᠵᠢᠭᠤᠯᠴᠢᠯᠠᠯ ᠤᠨ ᠲᠦᠷᠤᠯ ᠵᠦᠢᠯ ᠢ ᠡᠭᠦᠳᠤᠨ ᠨᠡᠭᠡᠭᠡᠵᠦ᠂ ︽ᠬᠤᠨᠢ ᠰᠤᠩᠭᠤᠬᠤ︾ ᠬᠡᠯᠪᠡᠷᠢ ᠪᠠᠷ ᠨᠢᠭᠡ ᠬᠤᠨᠢ ᠠᠷᠠᠴᠢᠯᠠᠨ ᠮᠠᠯᠵᠢᠬᠤ ᠲᠦᠷᠤᠯ ᠵᠦᠢᠯ ᠡᠶ᠎ᠡ ᠬᠢᠯᠡᠭᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠤᠰ ᠲᠦᠷᠤᠯ ᠵᠦᠢᠯ ᠢ ᠡᠭᠦᠰᠭᠡᠨ ᠡᠬᠢᠯᠡᠬᠦᠯᠵᠥ ᠡᠨᠡ ᠵᠢᠯ ᠤᠨ ᠰᠠᠬᠦᠯᠴᠢ ᠪᠤᠯᠳᠠᠯ᠎ᠠ ᠪᠠᠷᠤᠭ 2 ᠲᠦᠮᠡᠨ ᠭᠡᠰᠢᠭᠦᠨ 2 ᠲᠦᠮᠡᠨ ᠬᠤᠨᠢ ᠡᠷᠭᠦᠨ ᠮᠠᠯᠵᠢᠵᠥ᠂ ᠭᠠᠷᠭᠠᠯᠲᠠ ᠶᠢᠨ ᠮᠠᠯ ᠤᠨ ᠲᠤᠭ᠎ᠠ 5 ᠲᠦᠮᠡ ᠬᠦᠷᠴᠦ᠂ 5000 ᠡᠷᠦᠭᠡ ᠲᠠᠷᠢᠶᠠᠴᠢᠨ ᠢ ᠳᠠᠶᠢᠴᠢᠯᠠᠨ ᠬᠦᠮᠦᠨ ᠲᠤᠮᠳᠠᠴᠢ ᠶᠢᠨ ᠤᠷᠤᠯᠭ᠎ᠠ ᠶᠢ 6000 ᠲᠦᠭᠦᠷᠢᠭ ᠲᠤ ᠬᠦᠷᠭᠡᠬᠦ ᠪᠤᠯᠤᠨ᠎ᠠ᠃ 2024 ᠤᠨ ᠳᠤ ᠭᠠᠷᠭᠠᠯᠲᠠ ᠶᠢᠨ ᠮᠠᠯ ᠤᠨ ᠲᠤᠭ᠎ᠠ 30 ᠲᠦᠮᠡ ᠬᠦᠷᠴᠦ᠂ ᠬᠦᠶᠠᠩ ᠰᠢᠶᠠᠨ ᠤ ᠬᠤᠨᠢᠨ ᠤ ᠠᠵᠤ ᠦᠢᠯᠡᠰ ᠤᠨ ᠲᠠᠭᠠᠭᠠᠮᠠᠭᠠᠢ ᠬᠦᠭᠵᠢᠯᠲᠡ ᠶᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号