ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠬᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/7/1
      ᠣᠶᠢᠷ᠎ᠠ ᠳᠤ᠂ ᠰᠦᠨ ᠱᠣᠣ ᠴᠧᠩ ᠱᠦᠵᠢ ᠶᠢᠨ ᠤᠷᠢᠳ ᠬᠤᠵᠢᠳ ᠤᠯᠠᠭᠠᠨᠴᠠᠪ ᠬᠤᠲᠠ ᠪᠣᠯᠣᠨ ᠲᠦᠩᠯᠢᠶᠣᠣ ᠬᠤᠲᠠ ᠳᠤ ᠠᠵᠢᠯ ᠪᠠᠶᠢᠴᠠᠭᠠᠬᠤ ᠳᠤ ᠪᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠡ ᠠᠴᠠ ᠭᠠᠷᠳᠠᠵᠤ᠂ ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠠᠮᠢᠳᠤᠷᠠᠯ ᠤᠨ ᠴᠢᠨᠠᠷ ᠴᠢᠨᠰᠠᠭ᠎ᠠ ᠪᠠ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠡᠭᠦᠨ ᠤ ᠤᠯᠠᠮ ᠢᠶᠠᠷ ᠬᠢᠨᠠᠨ ᠵᠥᠪᠰᠢᠶᠡᠷᠡᠬᠦ ᠨᠢ ᠨᠠᠩ ᠲᠦᠷᠭᠡᠨ᠂ ᠠᠵᠢᠯ ᠶᠠᠪᠤᠳᠠᠯ ᠰᠢᠢᠳᠪᠦᠷᠢᠯᠡᠬᠦ ᠳᠤ ᠪᠠᠨ ᠨᠠᠩ ᠥᠨᠳᠥᠷ ᠪᠦᠲᠦᠮᠵᠢᠲᠡᠶ᠂ ᠦᠢᠯᠡᠴᠢᠯᠡᠭᠡ ᠨᠢ ᠨᠠᠩ ᠪᠦᠷᠢᠨ ᠭᠦᠢᠴᠡᠳ᠂ ᠬᠢᠨᠠᠯᠲᠠ ᠬᠠᠮᠢᠶᠠᠷᠤᠯᠲᠠ ᠨᠢ ᠨᠠᠩ ᠵᠢᠷᠤᠮᠵᠢᠭᠰᠠᠨ ᠲᠡᠷᠢᠭᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠤᠯᠭᠠᠵᠦ ᠪᠠᠶᠢᠨ᠎ᠠ ᠃      ︽ ᠮᠡᠳᠡᠭᠳᠡᠬᠦ ᠠᠮᠠᠯᠠᠯᠲᠠ ᠶᠢᠨ ᠳᠦᠷᠢᠮ ︾ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ ᠃  ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ︽ᠠᠮᠠᠯᠠᠯᠲᠠ ᠪᠠᠨ ᠮᠡᠳᠡᠭᠳᠡᠬᠦ︾ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠢᠴᠢᠭ ᠢᠶᠠᠷ ᠮᠡᠳᠡᠭᠳᠡᠬᠦ ᠪᠢᠴᠢᠭ᠂ ᠭᠤᠶᠤᠴᠢᠯᠠᠭᠴᠢ ᠶᠢᠨ ᠠᠮᠠᠯᠠᠯᠲᠠ ᠶᠢᠨ ᠪᠢᠴᠢᠭ ᠵᠢᠴᠢ ᠠᠮᠠᠯᠠᠯᠲᠠ ᠶᠢᠨ ᠭᠤᠶᠤᠴᠢᠯᠠᠯ ᠤᠨ ᠮᠠᠲ᠋ᠧᠷᠢᠶᠠᠯ ᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃      ︽ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠢᠢᠳᠪᠦᠷᠢᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠶᠤᠴᠢᠯᠠᠭᠴᠢ ᠶᠢᠨ ᠬᠡᠷᠡᠭ ᠶᠠᠪᠤᠳᠠᠯ ᠢ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠠᠶᠢᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠠᠭᠲᠠᠭᠠᠬᠤ ᠶᠢᠨ ᠬᠠᠮᠲᠤ ᠨᠥᠬᠦᠪᠦᠷᠢᠯᠡᠬᠦ ᠴᠢᠬᠤᠯᠠᠲᠠᠢ ᠮᠠᠲ᠋ᠧᠷᠢᠶᠠᠯ ᠤᠨ ᠠᠭᠤᠯᠭ᠎ᠠ ᠪᠠ ᠪᠠᠷᠢᠮᠵᠢᠶ᠎ᠠ ᠶᠢ ᠲᠡᠷᠡ ᠳᠠᠷᠤᠢ ᠳᠤ  ᠨᠢ ᠨᠢᠭᠡ ᠯᠡ ᠤᠳᠠᠭ᠎ᠠ ᠳᠤ ᠮᠡᠳᠡᠭᠳᠡᠬᠦ ᠶᠢᠨ ᠬᠠᠮᠲᠤ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠵᠦ᠂ ᠬᠢᠨᠠᠨ ᠪᠠᠶᠢᠴᠠᠭᠠᠨ᠎ᠠ ᠃ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ ᠲᠤᠲᠠᠭᠳᠠᠵᠤ ᠪᠠᠶᠢᠭ᠎ᠠ ᠪᠥᠬᠦ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠴᠠᠭ ᠲᠤᠬᠠᠢ ᠳᠤ  ᠨᠢ ᠬᠢᠨᠠᠨ ᠵᠥᠪᠰᠢᠶᠡᠷᠡᠭᠰᠡᠨ ᠲᠣᠭᠲᠠᠭᠠᠯ ᠭᠠᠷᠭᠠᠨ᠎ᠠ ᠃      ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ᠂ ︽ᠬᠤᠣᠰ ᠲᠠᠰᠢᠷᠠᠮ︾ ᠤᠨ ᠤᠴᠢᠷ ᠶᠠᠪᠤᠳᠠᠯ ᠤᠨ ᠨᠠᠷᠢᠨ ᠬᠠᠭᠤᠳᠠᠰᠤ᠂ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ ᠨᠡᠶᠢᠲᠡᠯᠡᠨ᠎ᠡ᠃ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ︾ ︵ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠭᠡᠷᠡᠴᠢ ᠶᠢ ᠪᠠᠭᠠᠰᠬᠠᠬᠤ᠂ ᠵᠠᠭᠤᠴᠢ ᠶᠢ ᠪᠠᠭᠠᠰᠬᠠᠬᠤ᠂ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ︶ ᠬᠠᠮᠢᠶ᠎ᠠ ᠪᠦᠬᠦᠢ ᠠᠵᠢᠯ ᠢ ᠵᠡᠷᠭᠡ ᠳᠤ  ᠨᠢ ᠠᠬᠢᠭᠤᠯᠵᠤ᠂ ᠡᠯ᠎ᠡ ᠲᠥᠷᠥᠯ ᠤᠨ ᠨᠠᠷᠢᠨ ᠬᠠᠭᠤᠳᠠᠰᠤ ᠶᠢ ᠬᠠᠮᠤᠭ ᠤᠨ ᠰᠢᠯᠢᠳᠡᠭ᠂ ᠬᠠᠮᠤᠭ ᠤᠨ ᠲᠥᠬᠦᠮ ᠪᠠᠶᠢᠯᠭᠠᠬᠤ ᠶᠢ ᠪᠡᠶᠡᠯᠡᠭᠦᠯᠦᠨ᠎ᠡ᠃      ᠤᠴᠢᠷ ᠶᠠᠪᠤᠳᠠᠯ ᠢ ᠨᠠᠷᠢᠯᠢᠭᠵᠢᠭᠤᠯᠤᠨ ᠡᠮᠬᠢᠯᠡᠬᠦ ᠶᠢ ᠥᠷᠨᠢᠭᠦᠯᠦᠨ᠎ᠡ᠃ ᠤᠴᠢᠷ ᠶᠠᠪᠤᠳᠠᠯ ᠤᠨ ᠬᠦᠴᠦᠨ ᠵᠦᠢᠯ ᠢ ᠦᠷᠭᠦᠯᠵᠢᠯᠡᠨ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠴᠢᠷ ᠶᠠᠪᠤᠳᠠᠯ ᠢ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ ᠤᠴᠢᠷ ᠶᠠᠪᠤᠳᠠᠯ ᠢ ᠨᠠᠷᠢᠯᠢᠭᠵᠢᠭᠤᠯᠤᠨ ᠡᠮᠬᠢᠯᠡᠬᠦ ᠶᠢ ᠦᠷᠭᠦᠯᠵᠢᠯᠡᠨ ᠥᠷᠨᠢᠭᠦᠯᠦᠨ᠎ᠡ᠃ ᠦᠨᠳᠦᠰᠦᠯᠡᠯ᠂ ᠤᠴᠢᠷ ᠶᠠᠪᠤᠳᠠᠯ ᠤᠨ ᠲᠥᠷᠥᠯ ᠬᠡᠯᠪᠡᠷᠢ᠂ ᠤᠴᠢᠷ ᠶᠠᠪᠤᠳᠠᠯ ᠤᠨ ᠳ᠋ᠤᠭᠠᠷᠯᠠᠯ᠂ ᠡᠷᠬᠡ ᠶᠢᠨ ᠬᠡᠪᠴᠢᠶ᠎ᠡ᠂ ᠮᠠᠲ᠋ᠧᠷᠢᠶᠠᠯ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ᠂ ᠭᠤᠶᠤᠴᠢᠯᠠᠬᠤ ᠬᠦᠰᠦᠨᠦᠭᠲᠦ ᠶᠢᠨ ᠬᠠᠭᠤᠳᠠᠰᠤ᠂ ᠰᠦᠢᠳᠬᠡᠯ ᠬᠤᠷᠢᠶᠠᠬᠤ ᠪᠠᠷᠢᠮᠵᠢᠶ᠎ᠠ᠂ ᠭᠦᠢᠴᠡᠳᠬᠡᠭᠰᠡᠨ ᠦᠷ᠎ᠡ ᠳ᠋ᠦᠩ᠂ ᠰᠦᠯᠵᠢᠶ᠎ᠡ ᠪᠠᠷ ᠭᠦᠢᠴᠡᠳᠬᠡᠬᠦ ᠭᠦᠨᠴᠡ ᠵᠡᠷᠭᠡ ᠬᠦᠴᠦᠨ ᠵᠦᠢᠯ ᠢ ᠵᠢᠷᠤᠮᠵᠢᠭᠤᠯᠤᠨ ᠲᠣᠭᠲᠠᠭᠠᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号