ᠦᠬᠡᠷ ᠬᠤᠨᠢᠨ ᠤ ᠪᠷᠦ᠋ᠼᠧᠯ ᠡᠪᠡᠳᠴᠢᠨ ᠢ ᠬᠢᠵᠠᠭᠠᠷᠯᠠᠬᠤ ᠮᠡᠷᠭᠡᠵᠢᠯ ᠤᠨ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/7/12
      ᠨᠢᠭᠡ ᠂ ᠡᠭᠦᠯᠳᠡᠷ ᠣᠷᠣᠭᠤᠯᠬᠤ ᠶᠢ ᠴᠢᠩᠳᠠᠯᠠᠬᠤ ᠬᠡᠷᠡᠭᠲᠡᠢ ᠃ ᠪᠷᠦ᠋ᠼᠧᠯ ᠡᠪᠡᠳᠴᠢᠨ ᠦᠭᠡᠢ ᠭᠠᠵᠠᠷ ᠣᠷᠣᠨ ᠳᠤ ᠥᠪᠡᠷ ᠢᠶᠠᠨ ᠦᠷᠡᠵᠢᠭᠦᠯᠦᠨ ᠲᠡᠵᠢᠭᠡᠬᠦ ᠴᠢᠭᠯᠡᠯᠲᠡ ᠶᠢ ᠪᠠᠷᠢᠮᠲᠠᠯᠠᠪᠠᠯ ᠬᠠᠮᠤᠭ ᠰᠠᠶᠢᠨ ᠶᠤᠮ ᠂ ᠬᠢᠵᠢᠭᠲᠦ ᠣᠷᠣᠨ ᠠᠴᠠ ᠦᠬᠡᠷ ᠬᠤᠨᠢ ᠵᠢᠴᠢ ᠲᠡᠵᠢᠭᠡᠯ ᠪᠣᠷᠳᠤᠭ᠎ᠠ ᠶᠢ ᠣᠷᠣᠭᠤᠯᠬᠤ ᠦᠭᠡᠢ ᠂ ᠦᠨᠡᠬᠡᠷ ᠣᠷᠣᠭᠤᠯᠬᠤ ᠴᠢᠬᠤᠯᠠ ᠲᠠᠢ ᠦᠶ᠎ᠡ ᠳᠤ ᠵᠠᠪᠠᠯ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢ ᠴᠢᠩᠭ᠎ᠠ ᠬᠢᠵᠦ ᠂ ᠨᠥᠬᠦᠴᠡᠯ ᠲᠠᠢ ᠪᠣᠯ ᠴᠢᠰᠤᠨ ᠴᠡᠩᠭᠡᠭ ᠤᠨ ᠰᠤᠳᠤᠯᠤᠯ ᠤᠨ ᠪᠠᠶᠢᠴᠠᠭᠠᠯᠲᠠ ᠬᠢᠵᠦ ᠂ ᠮᠠᠯᠵᠢᠯ ᠤᠨ ᠲᠠᠯᠠᠪᠠᠢ ᠳᠤ ᠬᠦᠷᠦᠭᠰᠡᠨ ᠤ ᠳᠠᠷᠠᠭ᠎ᠠ ᠲᠤᠰᠠᠭᠠᠷᠯᠠᠨ ᠠᠵᠢᠭᠯᠠᠵᠤ ᠂ ᠡᠷᠡᠭᠦᠯ ᠴᠢᠭᠢᠷᠠᠭ ᠪᠣᠯ ᠰᠠᠶᠢᠲᠤᠷ ᠠᠷᠢᠭᠤᠳᠬᠠᠭᠰᠠᠨ ᠤ ᠳᠠᠷᠠᠭ᠎ᠠ ᠮᠠᠯᠵᠢᠯ ᠤᠨ ᠲᠠᠯᠠᠪᠠᠢ ᠳᠤ ᠪᠠᠨ ᠣᠷᠣᠭᠤᠯᠤᠨ ᠲᠡᠵᠢᠭᠡᠵᠦ ᠪᠣᠯᠣᠨ᠎ᠠ ᠃ ᠠᠮᠤᠷ ᠲᠦᠪᠰᠢᠨ ᠪᠤᠰᠤ ᠣᠷᠣᠨ ᠳᠤ ᠵᠢᠯ ᠪᠦᠷᠢ ᠡᠭᠡᠳᠡᠷᠡᠬᠦ ᠤᠷᠪᠠᠯ ᠢᠶᠠᠷ ᠬᠤᠶᠠᠷ ᠤᠳᠠᠭ᠎ᠠ ᠬᠢᠵᠢᠭ ᠪᠠᠶᠢᠴᠠᠭᠠᠵᠤ ᠂ ᠪᠠᠺᠲ᠋ᠧᠷᠢ ᠲᠠᠢ ᠦᠬᠡᠷ ᠬᠤᠨᠢ ᠪᠠ ᠡᠪᠡᠳᠴᠢᠨ ᠲᠠᠢ ᠦᠬᠡᠷ ᠬᠤᠨᠢ ᠶᠢ ᠣᠯᠵᠤ ᠮᠡᠳᠡᠪᠡᠯ ᠡᠷᠬᠡᠪᠰᠢ ᠲᠤᠰᠠᠭᠠᠷᠯᠠᠬᠤ ᠪᠠ ᠨᠢᠲᠤᠯᠠᠬᠤ᠂ ᠬᠢᠵᠢᠭ ᠪᠠᠶᠢᠴᠠᠭᠠᠬᠤ ᠂ ᠰᠢᠭᠰᠢᠭᠳᠡᠭᠦᠯᠬᠦ ᠂ ᠠᠷᠢᠭᠤᠳᠬᠠᠬᠤ ᠠᠷᠭ᠎ᠠ ᠪᠠᠷ ᠳᠠᠮᠵᠢᠭᠤᠯᠤᠨ ᠡᠪᠡᠳᠴᠢᠨ ᠦᠭᠡᠢ ᠰᠦᠷᠦᠭ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ ᠃      ᠬᠤᠶᠠᠷ ᠂ ᠬᠢᠵᠢᠭ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ ᠃ ᠡᠭᠦᠯᠳᠡᠷ ᠤᠨ ᠦᠬᠡᠷ ᠬᠤᠨᠢ ᠵᠢᠴᠢ ᠪᠤᠰᠤᠳ ᠦᠬᠡᠷ ᠬᠤᠨᠢᠨ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠬᠢᠵᠢᠭ ᠤᠨ ᠪᠠᠶᠢᠴᠠᠭᠠᠯᠲᠠ ᠬᠢᠵᠦ᠂ ᠠᠷᠭ᠎ᠠ ᠴᠢᠨᠠᠷᠲᠠᠢ ᠮᠠᠯ ᠢ ᠨᠢᠲᠤᠯᠠᠬᠤ ᠶᠢᠨ ᠬᠠᠮᠲᠤ  ᠬᠤᠣᠷ ᠦᠬᠡᠶᠢᠵᠢᠭᠦᠯᠦᠨ ᠰᠢᠢᠳᠪᠦᠷᠢᠯᠡᠵᠦ᠂ ᠪᠢᠯᠢᠭ ᠴᠢᠨᠠᠷᠲᠠᠢ ᠪᠣᠯᠲᠠᠯ᠎ᠠ ᠰᠢᠢᠳᠪᠦᠷᠢᠯᠡᠨ᠎ᠡ᠃ ᠦᠷ᠎ᠡ ᠶᠢᠨ ᠮᠠᠯ ᠢ ᠪᠠᠶᠢᠴᠠᠭᠠᠬᠤ ᠠᠴᠠ ᠪᠢᠰᠢ ᠡᠭᠡᠯᠢᠯᠡᠬᠦ ᠦᠭᠡᠢ ᠂ ᠡᠩ ᠤᠨ ᠦᠬᠡᠷ ᠬᠤᠨᠢ ᠶᠢ ᠤᠷᠢᠳᠠᠪᠠᠷ ᠪᠠᠶᠢᠴᠠᠭᠠᠵᠤ ᠲᠠᠷᠠᠭ᠎ᠠ ᠨᠢ ᠡᠭᠡᠯᠢᠯᠡᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ ᠃      ᠭᠤᠷᠪᠠ ᠂ ᠴᠢᠩᠭ᠎ᠠ ᠠᠷᠢᠭᠤᠳᠬᠠᠬᠤ ᠬᠡᠷᠡᠭᠲᠡᠢ ᠃ ᠡᠩ ᠤᠨ ᠦᠶ᠎ᠡ ᠳᠤ ᠬᠠᠰᠢᠶ᠎ᠠ ᠰᠠᠷᠠᠪᠴᠢ ᠪᠠ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠵᠤ ᠂ ᠤᠷᠬᠢᠭᠳᠠᠭᠰᠠᠨ ᠬᠤᠷᠠᠭ᠎ᠠ ᠲᠤᠭᠤᠯ᠂ ᠬᠤᠶᠢᠳᠠᠭ᠂ ᠡᠪᠡᠳᠴᠢᠨ ᠢᠶᠠᠷ  ᠦᠬᠦᠭᠰᠡᠨ ᠦᠬᠡᠷ ᠬᠤᠨᠢ ᠶᠢ ᠰᠢᠲᠠᠭᠠᠬᠤ ᠪᠤᠶᠤ ᠭᠦᠨ ᠪᠤᠯᠠᠵᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ ᠃      ᠳᠥᠷᠪᠡ ᠂ ᠸᠠᠺᠼᠢᠨ ᠤ ᠲᠠᠷᠢᠯᠭ᠎ᠠ ᠬᠢᠬᠦ ᠃ ᠲᠣᠭᠲᠠᠭᠠᠯ ᠢ ᠴᠢᠩᠭ᠎ᠠ ᠵᠢᠷᠤᠮᠯᠠᠨ ᠬᠢᠵᠢᠭ ᠤᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠸᠠᠺᠼᠢᠨ ᠤ ᠲᠠᠷᠢᠯᠭ᠎ᠠ ᠬᠢᠵᠦ ᠪᠣᠯᠣᠨ᠎ᠠ᠂ ᠬᠡᠷᠡᠭᠯᠡᠬᠦ ᠠᠷᠭ᠎ᠠ ᠪᠠ ᠠᠩᠬᠠᠷᠬᠤ ᠵᠦᠢᠯ ᠢ ᠸᠠᠺᠼᠢᠨ ᠤ ᠲᠣᠳᠣᠷᠬᠠᠶᠢᠯᠠᠯᠲᠠ ᠶᠢᠨ ᠪᠢᠴᠢᠭ ᠢᠶᠠᠷ ᠬᠡᠷᠡᠭᠵᠢᠭᠦᠯᠬᠦ ᠬᠡᠷᠡᠭᠲᠡᠢ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号