ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ ᠤᠨ ᠲᠠᠶᠢᠯᠤᠮᠵᠢ
ᠨᠡᠶᠢᠲᠡᠯᠡᠭᠰᠡᠨ ᠴᠠᠭ᠄
2022/7/15
      ᠮᠠᠨ ᠤ ᠣᠷᠣᠨ 2019 ᠣᠨ ᠳᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠨᠡᠶᠢᠲᠡ 14 ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠵᠥᠪᠰᠢᠶᠡᠷᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 40 ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠲᠥᠯᠥᠪᠯᠡᠵᠦ ᠪᠣᠶ᠃ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ 6 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠪᠠ᠂ ︵ᠳᠣᠷᠣᠭᠰᠢ ︽ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ ᠄      ᠨᠢᠭᠡ᠂ ᠲᠤᠭᠤᠷᠪᠢᠭᠰᠠᠨ ᠠᠬᠤᠢ ᠪᠠᠶᠢᠳᠠᠯ      ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠣᠯ ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠵᠦᠷᠢᠶᠡᠴᠢᠯᠡᠭᠰᠡᠨ᠂ ᠣᠨᠴᠠᠯᠢᠬᠵᠢᠭᠰᠠᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠬᠦ ᠶᠢᠨ ᠪᠦᠲᠦᠮᠵᠢᠲᠡᠶ ᠭᠠᠷᠳᠠᠴᠠ ᠪᠣᠯᠣᠨ᠎ᠠ᠃ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠬᠦᠴᠦᠨ ᠵᠦᠢᠯ ᠳᠡᠭᠡᠳᠦ ᠬᠡᠮᠵᠢᠶ᠎ᠡ ᠪᠠᠷ ᠲᠥᠪᠯᠡᠷᠡᠭᠰᠡᠨ᠂ ᠦᠢᠯᠡᠳᠪᠦᠷᠢᠯᠡᠯ ᠤᠨ ᠠᠷᠭ᠎ᠠ ᠮᠠᠶ᠋ᠢᠭ ᠪᠣᠬᠢᠷᠳᠤᠯ ᠦᠭᠡᠢ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠭᠦᠨᠵᠡᠭᠡᠢ ᠠᠭᠤᠰᠤᠯᠴᠠᠭᠰᠠᠨ ᠨᠢᠭᠡ ᠪᠦᠯᠦᠭ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ︽ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠣᠭᠲᠠᠭᠠᠪᠠ᠃ ︽ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠣᠶᠢᠷ᠎ᠠ ᠶᠢᠨ ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠪᠠᠨ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ ᠃      ᠬᠤᠶᠠᠷ ᠂ ᠭᠤᠣᠯ ᠪᠣᠷᠣ ᠲᠥᠯᠥᠪ      ︽ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠤᠨ ᠭᠤᠣᠯ ᠡᠭᠦᠷᠭᠡ ᠪᠣᠯ ᠠᠶᠢᠮᠠᠭ ᠬᠤᠲᠠ᠂ ᠬᠤᠰᠢᠭᠤ ᠰᠢᠶᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠡᠷᠬᠢᠨ ᠡᠭᠦᠳᠦᠨ ᠪᠠᠶᠢᠭᠤᠯᠬᠤ ᠶᠢ ᠵᠢᠯᠣᠭᠤᠳᠤᠨ᠎ᠠ᠂ ᠠᠭᠤᠯᠭ᠎ᠠ  ᠨᠢ ᠶᠡᠷᠦᠩᠬᠡᠢ ᠱᠠᠭᠠᠷᠳᠠᠯᠭ᠎ᠠ᠂ ᠡᠭᠦᠳᠦᠨ ᠪᠠᠶᠢᠭᠤᠯᠬᠤ ᠡᠭᠦᠷᠭᠡ᠂ ᠡᠭᠦᠳᠦᠨ ᠪᠠᠶᠢᠭᠤᠯᠬᠤ ᠨᠥᠬᠦᠴᠡᠯ᠂ ᠡᠭᠦᠳᠦᠨ ᠪᠠᠶᠢᠭᠤᠯᠬᠤ ᠱᠠᠭᠠᠷᠳᠠᠯᠭ᠎ᠠ᠂ ᠪᠡᠯᠡ ᠮᠥᠩᠭᠦ ᠶᠢᠨ ᠬᠡᠷᠡᠭᠯᠡᠯᠲᠡ ᠵᠡᠷᠭᠡ 5 ᠬᠡᠰᠡᠭ ᠢ ᠪᠠᠭᠲᠠᠭᠠᠨ᠎ᠠ᠃      ᠭᠤᠷᠪᠠ᠂ ᠭᠤᠣᠯ ᠪᠣᠯᠬᠤ ᠠᠭᠤᠯᠭ᠎ᠠ ᠶᠢᠨ ᠲᠠᠶᠢᠯᠤᠮᠵᠢ      ︵ᠨᠢᠭᠡ︶ ᠡᠭᠦᠳᠦᠨ ᠪᠠᠶᠢᠭᠤᠯᠬᠤ ᠬᠠᠷᠠᠯᠲᠠ᠃ ᠭᠤᠣᠯᠳᠠᠯᠭ᠎ᠠ ᠲᠠᠢ ᠲᠣᠰ ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠭᠤᠣᠯ ᠴᠣᠭᠴᠠ ᠪᠣᠯᠭᠠᠵᠤ᠂ ᠬᠦᠷᠢᠶᠡᠯᠡᠩ ᠲᠣᠭᠤᠷᠢᠭ ᠢ ᠠᠵᠤ ᠦᠢᠯᠡᠰ ᠤᠨ ᠨᠥᠯᠥᠭᠡ ᠲᠠᠢ  ᠭᠤᠤᠯ ᠬᠠᠨᠳᠤᠰᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠰᠢᠭᠲᠠᠢ ᠪᠠᠶᠢᠷᠢ ᠪᠣᠯᠭᠠᠨ ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠣᠷᠣᠨ᠂ ᠣᠲᠣ ᠦᠶ᠎ᠡ ᠶᠢᠨ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ ᠶᠢᠨ ᠬᠤᠷᠠᠮᠠᠯ ᠣᠷᠣᠨ᠂ ᠪᠣᠬᠢᠷᠳᠤᠯ ᠦᠭᠡᠢ ᠬᠥᠭᠵᠢᠯᠲᠡ ᠶᠢᠨ ᠬᠤᠰᠢᠭᠤᠴᠢ ᠣᠷᠣᠨ᠂ ᠲᠠᠷᠢᠶᠠᠴᠢᠨ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃      ︵ᠬᠤᠶᠠᠷ︶ ᠡᠭᠦᠳᠦᠨ ᠪᠠᠶᠢᠭᠤᠯᠬᠤ ᠡᠭᠦᠷᠭᠡ᠃ ᠨᠢᠭᠡ ᠳᠤ ᠂ ᠭᠤᠣᠯᠯᠠᠭᠴᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠮᠠᠨᠳᠣᠯᠲᠠ ᠶᠢ ᠬᠥᠲᠥᠯᠥᠨ ᠳᠠᠭᠠᠭᠤᠯᠬᠤ ᠣᠷᠣᠨ ᠢ ᠪᠦᠲᠦᠭᠡᠨ ᠪᠠᠶᠢᠭᠤᠯᠤᠨ᠎ᠠ ᠃ ᠬᠤᠶᠠᠷ ᠲᠤ ᠂ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠢ ᠠᠬᠢᠭᠤᠯᠵᠤ ᠂ ᠤᠳᠤ ᠦᠶ᠎ᠡ ᠶᠢᠨ ᠮᠡᠷᠭᠡᠵᠢᠯ ᠪᠣᠯᠣᠨ ᠲᠣᠨᠣᠭᠯᠠᠯ ᠲᠥᠪᠯᠡᠷᠡᠭᠰᠡᠨ ᠣᠷᠣᠨ ᠢ ᠪᠠᠶᠢᠭᠤᠯᠤᠨ᠎ᠠ ᠃ ᠭᠤᠷᠪᠠ ᠳᠤ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠠᠷᠠᠯᠵᠢᠶ᠎ᠠ ᠠᠵᠤ ᠦᠢᠯᠡᠳᠪᠦᠷᠢ ᠲᠠᠷᠢᠶᠠᠯᠠᠩ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠣᠷᠣᠨ ᠢ ᠪᠦᠲᠦᠭᠡᠨ ᠪᠠᠶᠢᠭᠤᠯᠤᠨ᠎ᠠ ᠃ ᠳᠥᠷᠪᠡ ᠳᠤ ᠂ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠰ ᠪᠣᠰᠬᠠᠬᠤ ᠰᠢᠨ᠎ᠡ ᠶᠢ ᠡᠭᠦᠳᠬᠦ ᠨᠡᠪᠴᠢᠭᠦᠯᠬᠦ ᠣᠷᠣᠨ ᠢ ᠪᠠᠶᠢᠭᠤᠯᠤᠨ᠎ᠠ ᠃ ᠲᠠᠪᠤ ᠳᠤ ᠂ ᠮᠠᠯ ᠠᠵᠤ ᠠᠬᠤᠢ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠣᠯᠣᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ ᠃      ︵ᠭᠤᠷᠪᠠ︶ ᠡᠭᠦᠳᠦᠨ ᠪᠠᠶᠢᠭᠤᠯᠬᠤ ᠨᠥᠬᠦᠴᠡᠯ᠃ ᠠᠵᠤ ᠦᠢᠯᠡᠰ ᠤᠨ ᠬᠦᠷᠢᠶᠡᠯᠡᠩ ᠨᠢ ᠰᠢᠶᠠᠨ ᠤ ᠱᠠᠲᠤᠨ  ᠠᠴᠠ ᠳᠡᠭᠡᠭᠰᠢᠬᠢ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠲᠤᠰᠬᠠᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠬᠤ ᠲᠥᠰᠥᠯ ᠲᠠᠢ ᠪᠠᠶᠢᠬᠤ ᠬᠡᠷᠡᠭᠲᠡᠢ︔ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠢ ᠡᠩ ᠤᠨ ᠪᠠᠶᠢᠳᠠᠯ ᠳᠤ 2 ᠠᠴᠠ ᠬᠡᠲᠦᠷᠡᠭᠦᠯᠵᠦ ᠪᠣᠯᠬᠤ ᠦᠭᠡᠢ᠂ ᠭᠤᠣᠯᠯᠠᠬᠤ ᠠᠵᠤ ᠦᠢᠯᠡᠰ ᠤᠨ ᠦᠢᠯᠡᠳᠬᠦᠨ ᠤ ᠥᠷᠲᠡᠭ ᠢ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠲᠡᠭ ᠤᠨ 60% ᠠᠴᠠ ᠪᠠᠭ᠎ᠠ ᠪᠠᠶᠢᠯᠭᠠᠵᠤ ᠪᠤᠯᠠᠬᠤ ᠦᠭᠡᠢ︔ ᠠᠵᠤ ᠦᠢᠯᠡᠰ ᠤᠨ ᠬᠦᠷᠢᠶᠡᠯᠡᠩ ᠤᠨ ᠦᠢᠯᠡᠳᠬᠦᠨ ᠤ ᠶᠡᠷᠦᠩᠬᠡᠢ ᠥᠷᠲᠡᠭ ᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ ︔ ᠬᠦᠷᠢᠶᠡᠯᠡᠩ ᠲᠣᠭᠤᠷᠢᠭ ᠤᠨ ᠳᠣᠲᠣᠷᠠᠬᠢ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 3 ᠠᠴᠠ ᠢᠯᠡᠭᠦᠦ ᠪᠠᠶᠢᠯᠭᠠᠵᠤ᠂ ᠠᠶᠢᠮᠠᠭ ᠬᠤᠲᠠ ᠶᠢᠨ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 5 ᠠᠴᠠ ᠢᠯᠡᠭᠦᠦ ᠪᠠᠶᠢᠯᠭᠠᠨ᠎ᠠ︔ ᠠᠵᠤ ᠦᠢᠯᠡᠰ ᠤᠨ ᠬᠦᠷᠢᠶᠡᠯᠡᠩ ᠤᠨ ᠮᠠᠯ ᠵᠢᠭᠦᠷᠲᠡᠨ ᠤ ᠢᠯᠭᠠᠳᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠬᠦᠷᠢᠶᠡᠯᠡᠩ ᠲᠣᠭᠤᠷᠢᠭ ᠤᠨ ᠳᠣᠲᠣᠷᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠥᠭᠰᠥᠨ ᠬᠠᠮᠢᠶᠠᠷᠬᠤ ᠰᠤᠭᠤᠴᠢᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠨᠣᠷᠮ᠎ᠠ ᠶᠢ 100% ᠳᠤ ᠬᠦᠷᠦᠭᠦᠯᠦᠨ᠎ᠡ︔ ᠬᠦᠷᠢᠶᠡᠯᠡᠩ ᠲᠣᠭᠤᠷᠢᠭ ᠲᠠᠬᠢ ᠮᠠᠯᠴᠢᠨ ᠲᠠᠷᠢᠶᠠᠴᠢᠨ ᠤ ᠡᠵᠡᠮᠳᠡᠵᠦ ᠪᠣᠯᠬᠤ ᠣᠷᠣᠯᠭ᠎ᠠ ᠶᠢ ᠲᠤᠬᠠᠢ ᠶᠢᠨ ᠭᠠᠵᠠᠷ ᠤᠨ ᠳᠤᠮᠳᠠᠴᠢ ᠬᠢᠷᠢ ᠬᠡᠮᠵᠢᠶ᠎ᠡ ᠶᠢᠨ 30% ᠠᠴᠠ ᠥᠨᠳᠥᠷ ᠪᠠᠶᠢᠯᠭᠠᠨ᠎ᠠ ᠃      ︵ᠳᠥᠷᠪᠡ︶ ᠪᠡᠯᠡ ᠮᠥᠩᠭᠦ ᠶᠢᠨ ᠳᠡᠮᠵᠢᠯᠭᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ ᠲᠤ ᠵᠢᠭᠰᠠᠭᠠᠭᠳᠠᠭᠰᠠᠨ ᠬᠤᠰᠢᠭᠤ ᠰᠢᠶᠠᠨ︵ᠬᠤᠲᠠ᠂ ᠲᠣᠭᠤᠷᠢᠭ︶ ᠨᠢᠭᠡᠪᠦᠷᠢ ᠳᠤ 1000 ᠲᠦᠮᠡᠨ  ᠲᠦᠭᠦᠷᠢᠭ ᠤᠨ ᠲᠤᠰᠬᠠᠢ ᠵᠦᠢᠯ ᠤᠨ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠲᠣᠬᠢᠷᠠᠭᠤᠯᠤᠨ᠎ᠠ᠃       ᠲᠦᠷᠦ ᠶᠢᠨ ᠪᠣᠳᠣᠯᠭ᠎ᠠ ᠶᠢᠨ ᠤᠭ ᠮᠠᠲ᠋ᠧᠷᠢᠶᠠᠯ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号