ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶  ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/15
      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠠᠶᠢᠳᠠᠯ ᠢ ᠴᠠᠭ ᠲᠤᠬᠠᠢ ᠳᠤ  ᠨᠢ ᠲᠤᠰᠬᠠᠵᠤ᠂ ᠣᠨᠣᠪᠴᠢᠲᠠᠶ ᠦᠨᠡᠯᠡᠨ ᠂ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠲᠤᠰᠬᠠᠵᠤ᠂ ᠬᠢᠨᠠᠨ ᠰᠢᠯᠭᠠᠵᠤ ᠦᠨᠡᠮᠰᠢᠬᠦ ᠪᠠ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠬᠦ ᠶᠢᠨ ᠲᠤᠰᠠᠳᠠ ᠂ ︽ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ 6 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠡᠷᠬᠠᠭᠠᠪᠠ ᠂ ︵ᠳᠣᠷᠣᠭᠰᠢ ︽ᠬᠢᠨᠠᠨ ᠬᠡᠮᠵᠢᠵᠦ ᠦᠨᠡᠯᠡᠬᠦ ᠠᠷᠭ᠎ᠠ︾ ᠭᠡᠵᠦ ᠲᠣᠪᠴᠢᠯᠠᠨ᠎ᠠ︶᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ ᠄      ᠨᠢᠭᠡ᠂ ᠲᠤᠭᠤᠷᠪᠢᠭᠰᠠᠨ ᠠᠬᠤᠢ ᠪᠠᠶᠢᠳᠠᠯ      ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠭᠦᠳᠦᠨ ᠪᠠᠶᠢᠭᠤᠯᠤᠭᠰᠠᠨ ᠪᠠ ᠬᠠᠮᠢᠶᠠᠷᠤᠯᠲᠠ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤ  ᠨᠢ ᠡᠵᠡᠮᠰᠢᠨ᠂ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠣᠨᠣᠪᠴᠢᠲᠠᠶ ᠬᠢᠨᠠᠨ ᠬᠡᠮᠵᠢᠵᠦ ᠦᠨᠡᠯᠡᠬᠦ ᠶᠢᠨ ᠲᠤᠰᠠᠳᠠ᠂ ︽ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠲᠤᠭᠲᠠᠭᠠᠪᠠ ᠂ ︽ᠬᠢᠨᠠᠨ ᠬᠡᠮᠵᠢᠵᠦ ᠦᠨᠡᠯᠡᠬᠦ ᠠᠷᠭ᠎ᠠ︾  ᠨᠢ ᠣᠶᠢᠷ᠎ᠠ ᠶᠢᠨ ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠪᠠᠨ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠬᠤᠶᠠᠷ ᠂ ᠭᠤᠣᠯ ᠪᠣᠷᠣ ᠲᠥᠯᠥᠪ      ︽ᠬᠢᠨᠠᠨ ᠬᠡᠮᠵᠢᠵᠦ ᠦᠨᠡᠯᠡᠬᠦ ᠠᠷᠭ᠎ᠠ︾ ᠶᠢᠨ ᠭᠤᠣᠯ ᠡᠭᠦᠷᠭᠡ ᠪᠣᠯ ᠨᠢᠭᠡᠨᠲᠡ ᠵᠥᠪᠰᠢᠶᠡᠷᠡᠨ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠳᠤ  ᠨᠤᠷᠮᠠᠴᠢᠯᠠᠨ ᠬᠢᠨᠠᠨ ᠬᠡᠮᠵᠢᠵᠦ ᠦᠨᠡᠯᠡᠯᠲᠡ ᠬᠢᠨ᠎ᠡ᠂ ᠠᠭᠤᠯᠭ᠎ᠠ ᠳᠤᠨᠢ ᠶᠡᠷᠦᠩᠬᠡᠢ ᠳᠦᠷᠢᠮ᠂ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ᠂ ᠬᠥᠳᠡᠯᠦᠩᠭᠦᠢ ᠬᠠᠮᠢᠶᠠᠷᠤᠯᠲᠠ᠂ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ᠂ ᠳᠠᠭᠠᠯᠳᠤᠭᠤᠯᠤᠭᠰᠠᠨ ᠳᠦᠷᠢᠮ ᠵᠡᠷᠭᠡ 5 ᠬᠡᠰᠡᠭ ᠢ ᠪᠠᠭᠲᠠᠭᠠᠨ᠎ᠠ᠃      ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ      ︵ᠨᠢᠭᠡ︶ ᠡᠭᠦᠳᠦᠨ ᠪᠠᠶᠢᠭᠤᠯᠬᠤ ᠳᠠᠷᠠᠭᠠᠯᠠᠯ ᠃ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠬᠤᠭᠤᠴᠠᠭ᠎ᠠ ᠬᠢᠵᠠᠭᠠᠷ ᠨᠢ 2 ᠵᠢᠯ ᠪᠠᠶᠢᠵᠤ᠂ ︽ᠣᠨ ᠤ ᠬᠢᠨᠠᠨ ᠬᠡᠮᠵᠢᠬᠦ᠂ ᠣᠷᠣᠭᠤᠯᠵᠤ ᠪᠣᠯᠬᠤ ᠮᠥᠷᠲᠡᠭᠡᠨ ᠭᠠᠷᠭᠠᠵᠤ ᠪᠣᠯᠬᠤ︾ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠡᠭᠦᠳᠦᠨ ᠪᠠᠶᠢᠭᠤᠯᠬᠤ ᠶᠢ ᠵᠥᠪᠰᠢᠶᠡᠷᠡᠭᠰᠡᠨ ᠠᠵᠤ ᠦᠢᠯᠡᠰ ᠤᠨ ᠬᠦᠷᠢᠶᠡᠯᠡᠩ ᠳᠤ 2 ᠳ᠋ᠤᠭᠠᠷ ᠵᠢᠯ ᠤᠨ ᠡᠬᠢᠨ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠨ᠎ᠡ︔ ᠡᠭᠦᠳᠦᠨ ᠪᠠᠶᠢᠭᠤᠯᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠬᠠᠷᠠᠯᠲᠠ ᠶᠢᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠬᠢᠵᠦ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠠᠵᠤ ᠦᠢᠯᠡᠰ ᠤᠨ ᠬᠦᠷᠢᠶᠡᠯᠡᠩ ᠢ ᠦᠨᠡᠮᠰᠢᠵᠦ ᠫᠠᠶᠢᠰᠠ ᠣᠯᠭᠤᠵᠤ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠭᠡᠢ ᠶᠢ  ᠨᠢ ᠫᠠᠶᠢᠰᠠ ᠡᠯᠭᠦᠨ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠂ ᠳᠠᠷᠠᠭ᠎ᠠ ᠨᠢᠭᠡ ᠵᠢᠯ ᠤᠨ ᠰᠢᠨ᠎ᠡ ᠪᠠᠷ ᠡᠭᠦᠳᠦᠨ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠯᠦᠭᠡ ᠬᠠᠮᠲᠤ ᠳᠤ  ᠨᠢ ᠰᠢᠯᠭᠠᠨ ᠬᠢᠨᠠᠨ᠎ᠠ᠂ ᠬᠡᠷᠪᠡ ᠰᠢᠯᠭᠠᠨ ᠬᠢᠨᠠᠬᠤ ᠳᠤ ᠮᠥᠨ ᠬᠢᠷᠢ ᠲᠡᠩᠴᠡᠭᠰᠡᠨ ᠦᠭᠡᠢ ᠪᠣᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ︾ ᠢ ᠡᠭᠦᠳᠦᠨ ᠪᠠᠶᠢᠭᠤᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠨᠢ ᠬᠤᠷᠢᠶᠠᠨ ᠠᠪᠬᠤ ᠶᠢᠨ ᠬᠠᠮᠲᠤ᠂ ᠡᠭᠦᠳᠦᠨ ᠪᠠᠶᠢᠭᠤᠯᠤᠭᠰᠠᠨ ᠬᠤᠰᠢᠭᠤ ᠰᠢᠶᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ︵ᠬᠤᠶᠠᠷ︶ ᠬᠢᠨᠠᠨ ᠬᠡᠮᠵᠢᠵᠦ ᠬᠠᠮᠢᠶᠠᠷᠬᠤ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠬᠢᠨᠠᠨ ᠬᠡᠮᠵᠢᠬᠦ ᠬᠦᠰᠦᠨᠦᠭᠲᠦ ᠶᠢᠨ ᠠᠭᠤᠯᠭ᠎ᠠ ᠶᠢ ᠦᠨᠳᠦᠰᠦᠯᠡᠨ᠂ ᠬᠠᠭᠠᠰ ᠵᠢᠯ ᠳᠤ ᠨᠢᠭᠡ ᠤᠳᠠᠭ᠎ᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠲᠣᠬᠢᠷᠠᠭᠤᠯᠤᠨ ᠪᠦᠷᠢᠳᠬᠡᠬᠦ ᠠᠵᠢᠯ ᠢ ᠥᠷᠨᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠵᠢᠯ ᠪᠦᠷᠢ ᠶᠢᠨ 1 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠨ᠎ᠡ᠃      ︵ᠭᠤᠷᠪᠠ︶ ᠰᠢᠯᠭᠠᠨ ᠬᠢᠨᠠᠵᠤ ᠮᠠᠭᠠᠳᠯᠠᠨ ᠲᠤᠭᠲᠠᠭᠠᠬᠤ᠃ ᠡᠭᠦᠳᠦᠨ ᠪᠠᠶᠢᠭᠤᠯᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠡᠯ᠎ᠡ ᠠᠵᠤ ᠦᠢᠯᠡᠰ ᠤᠨ ᠬᠦᠷᠢᠶᠡᠯᠡᠩ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢ ᠦᠨᠳᠦᠰᠦᠯᠡᠨ᠂ ᠥᠪᠡᠷ ᠢ ᠪᠠᠨ ᠦᠨᠡᠯᠡᠬᠦ ᠬᠦᠰᠦᠨᠦᠭᠲᠦ ︵100 ᠬᠤᠪᠢ ᠶᠢᠨ ᠥᠷᠲᠡᠭ︶ ᠶᠢ ᠲᠠᠭᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠨᠢ ᠲᠤᠰᠬᠠᠢ ᠠᠵᠢᠯ ᠤᠨ ᠪᠠᠶᠢᠭᠤᠯᠤᠮᠵᠢ ᠪᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠵᠤ ᠦᠢᠯᠡᠰ ᠤᠨ ᠬᠦᠷᠢᠶᠡᠯᠡᠩ ᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠲᠠᠢ ᠤᠶᠠᠯᠳᠤᠭᠤᠯᠤᠨ᠂ ᠡᠯ᠎ᠡ ᠲᠠᠯ᠎ᠠ ᠶᠢᠨ ᠪᠠᠶᠢᠳᠠᠯ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠰᠠᠨᠠᠯ ᠢ ᠪᠣᠶ ᠪᠣᠯᠭᠠᠵᠤ᠂ ᠬᠢᠨᠠᠨ ᠰᠢᠯᠭᠠᠭᠰᠠᠨ ᠬᠤᠪᠢ ᠨᠢ 70 ᠬᠤᠪᠢ ︵ᠪᠦᠷᠢᠨ ᠬᠤᠪᠢ 100 ᠬᠤᠪᠢ︶   ᠠᠴᠠ ᠳᠣᠣᠷ᠎ᠠ ᠪᠠᠶᠢᠪᠠᠯ ᠬᠢᠷᠢ ᠲᠡᠩᠴᠡᠭᠦ ᠦᠭᠡᠢ ᠪᠠᠷ ᠮᠠᠭᠠᠳᠯᠠᠨ ᠲᠣᠭᠲᠠᠭᠠᠨ᠎ᠠ᠃       ᠲᠦᠷᠦ ᠶᠢᠨ ᠪᠣᠳᠣᠯᠭ᠎ᠠ ᠶᠢᠨ ᠤᠭ ᠮᠠᠲ᠋ᠧᠷᠢᠶᠠᠯ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号