ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2022/7/22
      7 ᠰᠠᠷ᠎ᠠ ᠶᠢᠨ 18 ᠤ ᠡᠳᠦᠷ ᠠᠴᠠ 22 ᠤᠨ ᠡᠳᠦᠷ ᠪᠣᠯᠲᠠᠯ᠎ᠠ᠂ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠶᠠᠪᠤᠭᠳᠠᠪᠠ᠃
图片1.png
       ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠪᠦᠦ ᠲᠢᠶᠧ ᠴᠢᠶᠠᠩ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠳᠡᠳ᠋ ᠳᠠᠷᠤᠭ᠎ᠠ ᠡᠩᠬᠡᠲᠦ᠋ᠪᠰᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ ᠃ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠪᠣᠯ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠮᠡᠷᠭᠡᠵᠢᠯ ᠤᠨ ᠠᠷᠭ᠎ᠠ ᠪᠠᠷᠢᠯ ᠪᠠᠶᠢᠵᠤ᠂ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠡᠵᠡᠮᠳᠡᠬᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ᠂ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠬᠡᠷᠡᠭᠯᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠵᠡᠷᠭᠡ ᠲᠠᠯ᠎ᠠ ᠪᠠᠷ ᠣᠷᠣᠯᠠᠭᠤᠯᠵᠤ ᠪᠣᠯᠣᠰᠢ ᠦᠭᠡᠢ ᠦᠢᠯᠡᠳᠦᠯ ᠲᠠᠢ ᠶᠤᠮ᠃      ᠲᠣᠰ ᠬᠤᠭᠤᠴᠠᠭᠠᠨ ᠤ ᠤᠷᠤᠯᠳᠤᠭᠠᠨ ᠳᠤ ᠨᠡᠶᠢᠲᠡ 111 ᠲᠠᠮᠢᠷᠴᠢᠨ ᠣᠷᠣᠯᠴᠠᠵᠤ᠂ ᠲᠣᠰ ᠲᠣᠰ 39 ᠠᠶᠢᠮᠠᠭ ᠬᠤᠲᠠ᠂ ᠬᠤᠰᠢᠭᠤ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠢᠷᠡᠭᠰᠡᠨ ᠪᠠᠶᠢᠨ᠎ᠠ᠃
图片2.1.jpg
       ᠤᠷᠤᠯᠳᠤᠭᠠᠨ ᠤ ᠠᠵᠢᠯ ᠤᠨ ᠲᠥᠷᠥᠯ ᠨᠢ ᠲᠠᠷᠢᠮᠠᠯ ᠤᠨ ᠦᠢᠯᠡᠰ ᠤᠨ ᠪᠦᠲᠦᠭᠡᠭᠳᠡᠬᠦᠨ᠂ ᠮᠠᠯ ᠵᠢᠭᠦᠷᠲᠡᠨ ᠤ ᠪᠦᠲᠦᠭᠡᠭᠳᠡᠬᠦᠨ ᠪᠠ ᠤᠰᠤᠨ ᠭᠠᠷᠤᠯᠲᠠ ᠶᠢᠨ ᠰᠢᠯᠭᠠᠨ ᠪᠠᠶᠢᠴᠠᠭᠠᠯᠲᠠ ᠭᠡᠬᠦ ᠭᠤᠷᠪᠠᠨ ᠠᠵᠢᠯ ᠤᠨ ᠲᠥᠷᠥᠯ ᠪᠠᠶᠢᠵᠤ᠂ ᠣᠨᠣᠯ ᠤᠨ ᠰᠢᠯᠭᠠᠯᠲᠠ ᠪᠠ ᠪᠣᠳᠠᠲᠤ ᠪᠣᠯᠪᠠᠰᠤᠷᠠᠯ ᠤᠨ ᠬᠢᠨᠠᠨ ᠰᠢᠯᠭᠠᠯᠲᠠ ᠭᠡᠬᠦ ᠬᠤᠶᠠᠷ ᠬᠡᠰᠡᠭ ᠠᠴᠠ ᠪᠦᠷᠢᠯᠳᠦᠪᠠ ᠃
图片3.1.jpg
 
图片4.png
      5 ᠡᠳᠦᠷ ᠤᠨ ᠰᠢᠷᠦᠭᠦᠨ ᠤᠷᠤᠯᠳᠤᠭᠠᠨ ᠢᠶᠠᠷ ᠳᠠᠮᠵᠢᠭᠠᠳ ᠂ ᠨᠢᠭᠡᠳᠦᠭᠡᠷ ᠳᠡᠰ ᠤᠨ ᠱᠠᠩᠨᠠᠯ ᠂ ᠬᠤᠶᠠᠳᠤᠭᠠᠷ ᠳᠡᠰ ᠤᠨ ᠱᠠᠩᠨᠠᠯ ᠂ ᠭᠤᠷᠪᠠᠳᠤᠭᠠᠷ ᠳᠡᠰ ᠤᠨ ᠱᠠᠩᠨᠠᠯ ᠳᠤ 15 ᠨᠡᠷᠡᠰ ᠰᠢᠯᠭᠠᠷᠠᠭᠤᠯᠪᠠ ᠃   ᠤᠯᠠᠭᠠᠨᠴᠠᠪ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠯᠭᠠᠨ ᠪᠠᠶᠢᠴᠠᠭᠠᠬᠤ ᠲᠥᠪ ᠤᠨ ᠦ᠋ ᠬᠠᠢ ᠪᠥᠸᠧ᠂ ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠰᠦᠨ ᠰᠢᠸ ᠵᠢᠦᠢ ᠪᠠ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠰᠢᠯᠭᠠᠨ ᠬᠡᠮᠵᠢᠵᠦ  ᠰᠢᠯᠭᠠᠨ ᠪᠠᠶᠢᠴᠠᠭᠠᠬᠤ ᠲᠥᠪ ᠤᠨ ᠴᠠᠩ ᠴᠢᠶᠠᠩ ᠴᠢᠶᠠᠩ  ᠲᠤᠰ ᠲᠤᠰ ᠲᠠᠷᠢᠮᠠᠯ ᠤᠨ ᠦᠢᠯᠡᠰ ᠤᠨ ᠪᠦᠲᠦᠭᠡᠭᠳᠡᠬᠦᠨ᠂ ᠮᠠᠯ ᠵᠢᠭᠦᠷᠲᠡᠨ ᠤ ᠪᠦᠲᠦᠭᠡᠭᠳᠡᠬᠦᠨ ᠪᠠ ᠤᠰᠤᠨ ᠭᠠᠷᠤᠯᠲᠠ ᠶᠢᠨ ᠨᠢᠭᠡᠳᠦᠭᠡᠷ ᠳᠡᠰ ᠤᠨ ᠱᠠᠩᠨᠠᠯ ᠢ ᠬᠦᠷᠳᠡᠪᠡ ᠃
图片5.png
       ᠲᠤᠰ ᠤᠳᠠᠭ᠎ᠠ ᠶᠢᠨ ᠤᠷᠤᠯᠳᠤᠭᠠᠨ ᠪᠤᠯ ᠪᠥᠬᠦ ᠣᠷᠣᠨ ᠤ ᠰᠢᠯᠭᠠᠨ ᠪᠠᠶᠢᠴᠠᠭᠠᠬᠤ ᠠᠵᠢᠯᠲᠠᠨ ᠤ ᠨᠢᠭᠡ ᠤᠳᠠᠭᠠᠨ ᠤ ᠣᠨᠣᠯ ᠤᠨ ᠮᠡᠳᠡᠯᠭᠡ ᠪᠠ ᠰᠢᠯᠭᠠᠨ ᠪᠠᠶᠢᠴᠠᠭᠠᠬᠤ ᠮᠡᠷᠭᠡᠵᠢᠯ ᠤᠨ ᠪᠥᠬᠦ ᠲᠠᠯ᠎ᠠ ᠶᠢᠨ ᠰᠢᠯᠭᠠᠨ ᠪᠠᠶᠢᠴᠠᠭᠠᠯᠲᠠ ᠪᠣᠯᠣᠨ᠎ᠠ᠂ ᠲᠡᠷᠡ ᠨᠢ ᠰᠢᠯᠭᠠᠨ ᠪᠠᠶᠢᠴᠠᠭᠠᠬᠤ ᠮᠡᠷᠭᠡᠵᠢᠯ ᠤᠨ ᠰᠢᠯᠢᠳᠡᠭ ᠠᠵᠢᠯᠲᠠᠨ ᠢ ᠬᠥᠮᠥᠵᠢᠭᠦᠯᠵᠦ᠂ ᠰᠢᠯᠭᠠᠨ ᠪᠠᠶᠢᠴᠠᠭᠠᠬᠤ ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠷ ᠥᠨᠳᠥᠷ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠡᠩᠨᠡᠭᠡ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号