ᠪᠣᠷᠣᠲᠣᠬᠤᠶ ᠶᠢᠨ ᠤᠰᠤᠯᠠᠯᠲᠠ ᠶᠢᠨ ᠣᠷᠤᠨ ᠤ ᠬᠠᠪᠤᠷ ᠤᠨ ᠪᠣᠭᠤᠳᠠᠶ ᠬᠤᠷᠢᠶᠠᠬᠤ ᠠᠵᠢᠯ ᠪᠦᠬᠦ ᠲᠡᠯ᠎ᠠ ᠪᠠᠷ ᠡᠬᠢᠯᠡᠯ᠎ᠡ
ᠨᠡᠶᠢᠲᠡᠯᠡᠭᠰᠡᠨ ᠴᠠᠭ᠄
2022/7/22
      ᠤᠷᠴᠢᠮᠬᠠᠨ᠂ ᠪᠠᠶᠠᠨᠨᠠᠭᠤᠷ ᠬᠤᠲᠠ ᠶᠢᠨ ᠯᠢᠨᠾᠧ ᠲᠤᠭᠤᠷᠢᠭ ᠤᠨ ᠰᠢᠨᠬᠤᠸᠠ ᠪᠠᠯᠭᠠᠰᠤᠨ ᠤ 10 ᠲᠦᠮᠡᠨ ᠮᠥ ᠥᠨᠳᠥᠷ ᠤᠨᠠᠯᠲᠠᠲᠤ ᠥᠨᠳᠥᠷ ᠦᠷ᠎ᠡ ᠠᠰᠢᠭᠲᠤ ᠠᠮᠤ ᠪᠤᠳᠠᠭᠠᠨ ᠤ ᠦᠢᠯᠡᠳᠪᠦᠷᠢᠯᠡᠯ ᠤᠨ ᠬᠦᠷᠢᠶᠡᠯᠡᠩ ᠲᠤᠭᠤᠷᠢᠭ ᠲᠤ ᠂ 15 ᠲᠣᠮᠣ ᠬᠡᠯᠪᠡᠷᠢ ᠶᠢᠨ ᠬᠠᠳᠤᠵᠤ ᠬᠤᠷᠢᠶᠠᠬᠤ ᠬᠠᠮ ᠮᠠᠰᠢᠨ ︽ᠭᠠᠯᠠᠭᠤᠨ ᠴᠤᠪᠤᠭ᠎ᠠ ᠶᠢᠨ ᠬᠡᠯᠪᠡᠷᠢ︾ ᠪᠠᠷ ᠡᠩᠨᠡᠷᠡᠨ ᠵᠢᠭᠰᠠᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠤᠨ ᠤ ᠬᠠᠪᠤᠷ ᠤᠨ ᠪᠣᠭᠤᠳᠠᠶ ᠶᠢ ᠬᠠᠳᠤᠵᠤ ᠬᠤᠷᠢᠶᠠᠬᠤ ᠠᠵᠢᠯ ᠤᠨ ᠬᠦᠰᠢᠭᠡ ᠶᠢ ᠰᠡᠬᠦᠪᠡ᠃
227.png    
      ᠪᠣᠷᠣᠲᠣᠬᠤᠶ ᠶᠢᠨ ᠤᠰᠤᠯᠠᠯᠲᠠ ᠶᠢᠨ ᠣᠷᠤᠨ ᠤ ᠬᠠᠪᠤᠷ ᠤᠨ ᠪᠣᠭᠤᠳᠠᠶ ᠬᠤᠷᠢᠶᠠᠬᠤ ᠠᠵᠢᠯ ᠡᠬᠢᠯᠡᠯ᠎ᠡ      ᠯᠢᠨᠾᠧ ᠲᠤᠭᠤᠷᠢᠭ ᠤᠨ ᠰᠢᠨᠬᠤᠸᠠ ᠪᠠᠯᠭᠠᠰᠤᠨ ᠤ ᠰᠢᠨ ᠯᠧ ᠲᠤᠰᠬᠤᠨ ᠤ ᠠᠮᠤ ᠪᠤᠳᠠᠭ᠎ᠠ ᠳᠠᠷᠢᠬᠤ ᠲᠣᠮᠣ ᠡᠷᠦᠬᠡ ᠰᠢᠤᠸᠠᠢ ᡁᠢ ᠴᠢᠶᠠᠩ ᠡᠨᠡ ᠵᠢᠯ 237 ᠮᠥ ᠪᠣᠭᠤᠳᠠᠶ ᠳᠠᠷᠢᠵᠤ᠂ ᠾᠧᠩ ᠹᠧᠩ ᠪᠦᠯᠦᠭᠯᠡᠯ ᠲᠠᠢ ᠵᠠᠬᠢᠶᠠᠯᠠᠭ᠎ᠠ ᠪᠠᠷ ᠳᠠᠷᠢᠬᠤ ᠭᠡᠷ᠎ᠡ ᠲᠣᠭᠲᠠᠵᠤ᠂ ᠪᠣᠭᠤᠳᠠᠶ ᠪᠠᠨ ᠬᠤᠷᠢᠶᠠᠭᠰᠠᠨ ᠤ ᠳᠠᠷᠠᠭ᠎ᠠ ᠪᠠᠰᠠ ᠲᠡᠵᠢᠭᠡᠯ ᠤᠨ ᠪᠤᠷᠤᠭ ᠲᠠᠷᠢᠬᠤ ᠪᠠᠷ ᠲᠥᠯᠥᠪᠯᠡᠵᠦ ᠪᠠᠶᠢᠨ᠎ᠠ ᠃      ︽ᠡᠨᠡ ᠵᠢᠯ ᠤᠨ ᠪᠣᠭᠤᠳᠠᠶ ᠶᠢᠨ ᠤᠷᠭᠤᠴᠠ ᠠᠴᠠ ᠦᠵᠡᠪᠠᠯ᠂ ᠮᠥ ᠨᠢᠭᠡᠴᠢ ᠶᠢᠨ ᠤᠨᠠᠯᠲᠠ 1000 ᠵᠢᠩ ᠣᠷᠴᠢᠮ ᠬᠦᠷᠬᠦ ᠪᠤᠯᠤᠨ᠎ᠠ᠃ ᠾᠧᠩ ᠹᠧᠩ ᠪᠦᠯᠦᠭᠯᠡᠯ ᠲᠠᠢ ᠲᠣᠭᠲᠠᠭᠰᠠᠨ ᠵᠠᠬᠢᠶᠠᠯᠠᠭ᠎ᠠ ᠶᠢᠨ ᠦᠨ᠎ᠡ ᠵᠢᠩ ᠳᠡᠭᠡᠨ 1.8 ᠲᠥᠭᠦᠷᠢᠭ ᠲᠤᠭᠳᠠᠵᠥ᠂ ᠵᠠᠰᠠᠭ ᠤᠨ ᠣᠷᠳᠤᠨ ᠤ ᠲᠥᠪᠯᠡᠷᠡᠭᠦᠯᠦᠨ ᠲᠠᠷᠢᠭᠰᠠᠨ ᠨᠥᠬᠦᠪᠥᠷᠢ ᠪᠠ ᠪᠣᠭᠤᠳᠠᠶ ᠶᠢᠨ ᠳᠠᠷᠠᠭ᠎ᠠ ᠲᠡᠵᠢᠭᠡᠯ ᠤᠨ ᠪᠤᠷᠤᠭ ᠲᠠᠷᠢᠭᠰᠠᠨ ᠣᠷᠣᠯᠭ᠎ᠠ ᠶᠢ ᠨᠡᠮᠡᠪᠡᠯ᠂ ᠮᠦ ᠳᠤᠮᠳᠠᠴᠢ ᠪᠠᠷ ᠤᠷᠤᠯᠭ᠎ᠠ 2800 ᠲᠥᠭᠦᠷᠢᠭ ᠬᠦᠷᠴᠦ᠂ ᠴᠡᠪᠡᠷ ᠠᠰᠢᠭ ᠴᠦ 2300 ᠲᠥᠭᠦᠷᠢᠭ ᠣᠷᠴᠢᠮ ᠬᠦᠷᠦᠨ᠎ᠡ︾ ᠬᠡᠵᠥ ᠰᠢᠤᠸᠠᠢ ᡁᠢ ᠴᠢᠶᠠᠩ ᠢᠲᠡᠭᠡᠯ ᠲᠠᠢ ᠶᠠᠷᠢᠨ᠎ᠠ᠃      ᠡᠨᠡ ᠵᠢᠯ ᠪᠠᠶᠠᠨᠨᠠᠭᠤᠷ ᠬᠤᠲᠠ 712.9 ᠲᠦᠮᠡᠨ ᠮᠥ ᠠᠮᠤ ᠪᠤᠳᠠᠭᠠᠨ ᠤ ᠲᠠᠷᠢᠮᠠᠯ ᠳᠠᠷᠢᠵᠤ᠂ ᠲᠣᠭᠲᠠᠭᠠᠭᠰᠠᠨ ᠬᠠᠷᠠᠯᠲᠠ ᠡᠭᠦᠷᠭᠡ ᠪᠠᠨ 130.1% ᠪᠠᠷ ᠪᠡᠶᠡᠯᠡᠭᠦᠯᠪᠡ᠃ ᠡᠭᠦᠨ ᠳᠤ ᠂ ᠪᠣᠭᠤᠳᠠᠶ ᠳᠠᠷᠢᠭᠰᠠᠨ ᠲᠠᠯᠠᠪᠠᠶ 62 ᠲᠦᠮᠡᠨ ᠮᠥ ᠪᠠᠶᠢᠵᠤ ᠂ ᠳᠡᠭᠡᠷ᠎ᠡ ᠵᠢᠯ ᠤᠨ ᠬᠢ ᠠᠴᠠ 8.8 ᠲᠦᠮᠡᠨ ᠮᠦ ᠨᠡᠮᠡᠭᠳᠡᠪᠡ᠃ ᠪᠠᠶᠠᠨᠨᠠᠭᠤᠷ ᠬᠤᠲᠠ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠤᠨ ᠢ ᠵᠠᠭᠠᠭᠯᠠᠨ ᠲᠣᠭᠲᠠᠭᠠᠬᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠤᠳᠠᠯᠳᠤᠨ ᠠᠪᠬᠤ ᠬᠠᠮᠠᠭᠠᠯᠠᠯᠲᠠ ᠶᠢᠨ ᠦᠨ᠎ᠡ ᠲᠤᠭᠲᠠᠭᠠᠯᠭᠠᠵᠤ ᠵᠠᠬᠢᠶᠠᠯᠠᠨ ᠲᠠᠷᠢᠭᠤᠯᠬᠤ ᠵᠡᠷᠭᠡ ᠠᠷᠭ᠎ᠠ ᠬᠡᠮᠵᠢᠶ᠎ᠡ ᠪᠠᠷ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠪᠠ᠃ ᠣᠳᠤᠬᠠᠨ ᠳᠤ ᠂ ᠪᠠᠶᠠᠨᠨᠠᠭᠤᠷ ᠬᠤᠲᠠ ᠨᠢᠭᠡᠨᠲᠡ 1030 ᠭᠠᠷᠤᠶ ᠲᠣᠮᠣ ᠬᠡᠯᠪᠡᠷᠢ ᠶᠢᠨ ᠬᠠᠮᠲᠤᠷᠠᠨ ᠬᠠᠳᠤᠵᠤ ᠬᠤᠷᠢᠶᠠᠬᠤ ᠮᠠᠰᠢᠨ ᠢ ᠵᠣᠬᠢᠶᠠᠨ ᠪᠠᠶᠢᠭᠤᠯᠵᠤ ᠵᠤᠨ ᠤ ᠠᠮᠤ ᠪᠤᠳᠠᠭ᠎ᠠ ᠬᠠᠳᠤᠵᠤ ᠬᠤᠷᠢᠶᠠᠬᠤ ᠠᠵᠢᠯ ᠢ ᠦᠷᠨᠢᠭᠦᠯᠵᠦ ᠪᠠᠶᠢᠨ᠎ᠠ ᠃      ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠰᠠᠯᠠᠭ᠎ᠠ ᠶᠢᠨ ᠳᠠᠷᠤᠭ᠎ᠠ ᠵᠠᠩ ᠬᠤᠸᠠ᠄ ︽ᠲᠥᠰᠦᠭᠡᠯᠡᠬᠦ ᠪᠠᠷ᠂ ᠪᠣᠭᠤᠳᠠᠶ ᠶᠢᠨ ᠮᠦ ᠨᠢᠭᠡᠴᠢ ᠶᠢᠨ ᠤᠨᠠᠯᠲᠠ 880 ᠵᠢᠩ ᠬᠦᠷᠴᠦ᠂ ᠳᠡᠭᠡᠷ᠎ᠡ ᠵᠢᠯ ᠤᠨ ᠬᠢ ᠠᠴᠠ 5% ᠪᠠᠷ ᠨᠡᠮᠡᠭᠳᠡᠵᠤ᠂ ᠵᠢᠱᠢᠯᠳᠡ ᠪᠠᠷ ᠶᠡᠷᠦᠩᠬᠡᠶ ᠤᠨᠠᠯᠲᠠ 5.5 ᠳ᠋ᠦᠩᠰᠢᠭᠤᠷ ᠵᠢᠩ ᠳᠤ ᠬᠦᠷᠴᠦ᠂ ᠨᠢᠳᠤᠨᠤᠨ ᠤ ᠶᠡᠷᠦᠩᠬᠡᠶ ᠤᠨᠠᠯᠲᠠ ᠠᠴᠠ ᠨᠢᠭᠡ ᠳ᠋ᠦᠩᠰᠢᠭᠤᠷ ᠵᠢᠩ ᠨᠡᠮᠡᠭᠳᠡᠬᠦ ᠪᠣᠯᠤᠨ᠎ᠠ︾ ᠬᠡᠵᠦ ᠶᠠᠷᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号