ᠶᠦᠩ ᠰᠢᠩ ᠳ᠋ᠢᠶᠠᠨᠽᠢ ᠲᠤᠰᠬᠤᠨ ᠭᠠᠵᠠᠷ ᠰᠢᠷᠤᠢ ᠪᠠᠨ ᠪᠦᠬᠦᠨ ᠢ ᠨᠠᠶᠢᠳᠠᠨ ᠬᠠᠮᠢᠶᠠᠷᠤᠭᠤᠯᠥᠯ᠎ᠠ
ᠨᠡᠶᠢᠲᠡᠯᠡᠭᠰᠡᠨ ᠴᠠᠭ᠄
2022/7/22
      ᠨᠠᠢᠮᠠᠨ ᠬᠤᠰᠢᠭᠤᠨ ᠤ ᠪᠠᠶᠢᠰᠢᠩᠲᠦ ᠪᠠᠯᠭᠠᠰᠤᠨ ᠤ ᠶᠦᠩ ᠰᠢᠩ ᠳ᠋ᠢᠶᠠᠨᠽᠢ ᠲᠤᠰᠬᠤᠨ ᠤ ᠲᠠᠷᠢᠶᠠᠯᠠᠩ ᠤᠨ ᠮᠠᠰᠢᠨ ᠤ ᠬᠤᠷᠰᠢᠶ᠎ᠠ ᠳᠤ ᠬᠥᠷᠬᠦ ᠳᠤ᠂ ᠲᠠᠷᠢᠶᠠᠴᠢᠨ ᠯᠢ ᠮᠠᠨ ᠯᠢᠶᠠᠩ ᠲᠠᠷᠢᠶᠠᠯᠠᠩ ᠤᠨ ᠮᠠᠰᠢᠨ ᠢᠶᠠᠨ ᠰᠡᠯᠪᠢᠨ ᠵᠠᠰᠠᠵᠤ ᠶᠠᠭᠠᠷᠠᠤ ᠪᠠᠶᠢᠯ᠎ᠠ ᠃ ︽ᠤᠤᠯ ᠳᠠᠭᠠᠨ ᠪᠥᠬᠦᠯᠢ ᠵᠢᠯ ᠬᠥᠯ ᠢᠶᠠᠨ ᠬᠥᠰᠢᠳᠡᠯ᠎ᠡ ᠬᠥᠶᠥᠭᠡᠳ ᠮᠥ ᠪᠦᠷᠢ ᠠᠴᠠ 600 ᠲᠦᠭᠦᠷᠢᠭ ᠤᠨ ᠣᠷᠣᠯᠭ᠎ᠠ ᠤᠯᠳᠠᠬ ᠡ᠂ ᠣᠳᠣ ᠬᠠᠷᠢᠨ ᠲᠠᠷᠢᠶᠠᠨ ᠭᠠᠵᠠᠷ ᠢᠶᠠᠨ ᠬᠤᠷᠰᠢᠶ᠎ᠡ ᠳᠤ ᠨᠠᠶᠢᠳᠠᠨ ᠬᠠᠮᠢᠶᠠᠷᠤᠭᠤᠯᠵᠤ᠂ ᠥᠪᠡᠰᠥᠪᠡᠨ ᠭᠠᠷ ᠬᠥᠳᠡᠯᠬᠦ ᠥᠭᠡᠢ ᠪᠠᠷ ᠤᠤᠯ ᠤᠨ ᠤᠷᠤᠯᠭ᠎ᠠ ᠪᠠᠨ ᠪᠠᠳᠤᠯᠠᠵᠤ ᠴᠢᠳᠠᠬᠤ ᠮᠥᠷᠳᠡᠭᠡᠨ ᠪᠠᠰᠠ ᠬᠤᠰᠢᠭᠤᠨ ᠳᠤ ᠬᠥᠯᠥᠰᠥᠨ ᠠᠵᠢᠯ ᠬᠢᠵᠦ᠂ ᠨᠢᠭᠡ ᠵᠢᠯ ᠳᠤ 3 — 4 ᠲᠦᠮᠡᠨ ᠲᠦᠭᠦᠷᠢᠭ ᠤᠨ ᠣᠷᠣᠯᠭ᠎ᠠ ᠤᠯᠤᠨ᠎ᠠ᠂ ᠨᠠᠶᠢᠳᠠᠨ ᠬᠠᠮᠢᠶᠠᠷᠤᠭᠤᠯᠬᠤ ᠭᠡᠭᠴᠢ ᠥᠨᠡᠭᠡᠷ ᠰᠠᠶᠢᠨ ᠡ︕︾ ᠭᠡᠵᠦ ᠲᠡᠷᠡ ᠰᠡᠳᠭᠢᠯ ᠲᠤᠭᠳᠤᠯᠤᠨ ᠬᠡᠯᠡᠨ᠎ᠡ᠃      ᠯᠢ ᠮᠠᠨ ᠯᠢᠶᠠᠩ ᠥᠪᠡᠷ ᠤᠨ ᠲᠠᠷᠢᠶᠠᠨ ᠭᠠᠵᠠᠷ ᠢᠶᠠᠨ ᠪᠦᠬᠦᠨ ᠢ ᠬᠤᠷᠰᠢᠶ᠎ᠠ ᠳᠤ ᠨᠠᠶᠢᠳᠠᠨ ᠬᠠᠮᠢᠶᠠᠷᠤᠭᠤᠯᠵᠠᠢ᠂ ᠲᠠᠷᠢᠬᠤ ᠠᠴᠠ ᠬᠤᠷᠢᠶᠠᠬᠤ ᠬᠦᠷᠲᠡᠯ᠎ᠡ ᠬᠤᠷᠰᠢᠶ᠎ᠠ ᠪᠦᠬᠦ ᠶᠠᠪᠤᠴᠠ ᠶᠢ ᠳᠠᠭᠠᠭᠠᠨ ᠦᠢᠯᠡᠴᠢᠯᠡᠵᠦ᠂ ᠲᠡᠷᠡ ᠪᠠᠷ ᠨᠠᠮᠥᠷ ᠠᠮᠤ ᠪᠤᠳᠠᠭ᠎ᠠ ᠪᠠᠨ ᠬᠤᠳᠠᠯᠳᠤᠭᠠᠳ ᠵᠣᠭᠤᠰ ᠢᠶᠠᠨ ᠬᠠᠷᠮᠠᠯᠠᠬᠤ ᠪᠠᠷ ᠬᠦᠯᠢᠶᠡᠵᠦ ᠰᠠᠭᠤᠳᠠᠭ ᠪᠤᠯᠵᠠᠢ᠃      ᠤᠢᠢᠷ᠎ᠠ ᠶᠢᠨ ᠵᠢᠯ ᠠᠴᠠ ᠨᠠᠭᠠᠰᠢ᠂ ᠶᠦᠩ ᠰᠢᠩ ᠳ᠋ᠢᠶᠠᠨᠽᠢ ᠲᠤᠰᠬᠤᠨ ᠤ ᠨᠠᠮ ᠤᠨ ᠡᠭᠦᠷ ᠤᠨ ᠬᠢᠨ ᠦᠢᠯᠡᠴᠢᠯᠡᠭᠡ ᠪᠠᠷ ᠳᠠᠶᠢᠴᠢᠯᠠᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠬᠦᠢᠬᠡᠨ ᠪᠤᠯᠠᠵᠤ ᠳᠤᠰᠤᠯᠭᠠᠨ ᠤᠰᠤᠯᠠᠬᠤ ᠲᠦᠷᠦᠯ ᠵᠦᠢᠯ ᠳᠤ ᠲᠦᠰᠢᠭᠯᠡᠨ ᠂ ︽ᠶᠦᠩ ᠰᠢᠩ ᠤᠨ ᠵᠠᠭᠪᠤᠷ ︾ ᠢ ᠰᠡᠳᠥᠵᠤ᠂ ᠶᠦᠩ ᠰᠢᠩ ᠳ᠋ᠢᠶᠠᠨᠽᠢ ᠲᠤᠰᠬᠤᠨ ᠢᠶᠠᠷ ᠭᠤᠣᠯ ᠪᠣᠯᠭᠠᠭᠰᠠᠨ ᠡᠷᠬᠢᠨ ᠲᠤᠭᠤᠷᠢᠨ ᠤ ᠭᠠᠴᠠᠭ᠎ᠠ ᠲᠤᠰᠬᠤᠨ ᠤ 1.15 ᠲᠦᠮᠡᠨ ᠮᠦ ᠲᠠᠷᠢᠶᠠᠨ ᠭᠠᠵᠠᠷ ᠢ ᠬᠠᠮᠤᠷᠤᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠂ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠲᠡ ᠶᠢ ᠠᠬᠢᠭᠤᠯᠵᠤ᠂ 5 ᠪᠠᠶᠢᠭᠠᠯᠢᠯᠢᠭ ᠲᠤᠰᠬᠤᠨ ᠤ 200 ᠭᠠᠷᠤᠢ ᠲᠠᠷᠢᠶᠠᠴᠢᠨ ᠡᠷᠦᠭᠡ ᠶᠢ ᠳᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠭᠤᠯᠵᠤ ᠪᠠᠶᠢᠨ᠎ᠠ ᠃      ︽ᠶᠦᠩ ᠰᠢᠩ ᠤᠨ ᠵᠠᠭᠪᠤᠷ ︾ ᠭᠡᠳᠡᠭ ᠨᠢ ᠳᠠᠷᠤᠶ ︽138︾ ᠨᠠᠶᠢᠳᠠᠨ ᠬᠠᠮᠢᠶᠠᠷᠤᠭᠤᠯᠬᠤ ᠵᠠᠭᠪᠤᠷ ᠪᠣᠯᠤᠨ᠎ᠠ᠄ ︽1︾ ᠭᠡᠳᠡᠭ ᠨᠢ ᠳᠠᠷᠤᠶ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠬᠤ ᠲᠠᠷᠢᠶᠠᠨ ᠭᠠᠵᠠᠷ ᠲᠤ ᠥᠨᠳᠥᠷ ᠪᠦᠲᠦᠮᠵᠢᠲᠡᠶ ᠤᠰᠤ ᠠᠷᠪᠢᠯᠠᠬᠤ ᠭᠦᠢᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠪᠦᠬᠦᠨ ᠢ ᠪᠦᠷᠬᠦᠭᠦᠯᠬᠦ ᠶᠢ ᠬᠡᠯᠡᠨ᠎ᠡ᠃ ︽3︾ ᠭᠡᠳᠡᠭ ᠨᠢ ᠳᠠᠷᠤᠶ ᠨᠦᠩ ᠰᠢᠩ ᠲᠠᠷᠢᠶᠠᠯᠠᠩ ᠤᠨ ᠮᠠᠰᠢᠨ ᠤ ᠬᠤᠷᠰᠢᠶ᠎ᠠ ᠂ ᠮᠢᠩ ᠰᠢᠨ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠂ ᠯᠢᠦ ᠶᠠᠨ ᠵᠢᠶᠦ᠋ᠨ ᠤ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠵᠡᠷᠭᠡ ᠭᠤᠷᠪᠠᠨ ︽ᠡᠩᠨᠡᠭᠡ︾ ᠬᠠᠮᠳᠤᠷᠠᠨ᠂ ᠭᠤᠭᠴᠤᠭ᠎ᠠ ᠨᠢᠭᠡ ᠪᠦᠷᠢ ᠶᠢ ᠬᠦᠴᠦ ᠪᠠᠨ ᠬᠠᠮᠲᠤᠳᠬᠠᠨ ᠰᠠᠶᠢᠳᠤᠷ ᠬᠢᠵᠦ᠂ ᠨᠢᠭᠡᠨ ᠲᠥᠬᠦᠷ ᠶᠡᠷᠦᠩᠭᠡᠶᠢᠯᠡᠭᠰᠡᠨ ᠬᠡᠯᠪᠡᠷᠢ ᠶᠢᠨ ᠨᠠᠶᠢᠳᠠᠨ ᠬᠠᠮᠢᠶᠠᠷᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶ ᠪᠣᠯᠭᠠᠬᠤ ᠶᠢ ᠵᠢᠭᠠᠵᠤ ᠪᠤᠢ᠃ ︽8︾ ᠭᠡᠳᠡᠭ ᠨᠢ ᠲᠠᠷᠢᠶᠠᠨ ᠥᠷ᠎ᠡ᠂ ᠲᠠᠷᠢᠶᠠᠨ ᠡᠮ᠂ ᠪᠤᠷᠳᠤᠭᠤᠷ᠂ ᠤᠰᠤ᠂ ᠭᠠᠵᠠᠷ ᠢ ᠤᠷᠪᠠᠭᠤᠯᠬᠤ᠂ ᠲᠠᠷᠢᠬᠤ᠂ ᠡᠪᠡᠳᠴᠢᠨ ᠬᠤᠷᠤᠬᠠᠢ ᠶᠢᠨ ᠬᠥᠨᠥᠭᠡᠯ ᠢ ᠰᠡᠷᠭᠡᠶᠢᠯᠡᠬᠦ ᠂ ᠬᠤᠷᠢᠶᠠᠬᠤ ᠵᠡᠷᠭᠡ ᠨᠠᠢᠮᠠᠨ ᠦᠢᠯᠡᠴᠢᠯᠡᠭᠡᠨ ᠤ ᠵᠠᠩᠭᠢᠯᠠᠭ᠎ᠠ ᠶᠢ ᠰᠠᠶᠢᠳᠤᠷ ᠬᠢᠬᠦ ᠶᠢ ᠬᠡᠯᠡᠵᠦ ᠪᠠᠶᠢᠨ᠎ᠠ ᠃      ᠦ᠋ ᠵᠢᠶᠠᠨ ᠬᠤᠸᠠ ᠶᠢᠨ ᠡᠵᠡᠩᠨᠡᠵᠦ ᠪᠠᠶᠢᠭ᠎ᠠ ᠨᠦᠩ ᠰᠢᠩ ᠲᠠᠷᠢᠶᠠᠯᠠᠩ ᠤᠨ ᠮᠠᠰᠢᠨ ᠤ ᠬᠤᠷᠰᠢᠶ᠎ᠠ ᠨᠢ 2019 ᠣᠨ ᠳᠤ ᠪᠠᠶᠢᠭᠤᠯᠤᠭᠳᠠᠵᠤ ᠂ ᠬᠠᠮᠤᠭ ᠠᠩᠬᠠᠨ ᠳᠠᠭᠠᠨ 100 ᠮᠦ ᠨᠠᠶᠢᠳᠠᠨ ᠬᠠᠮᠢᠶᠠᠷᠤᠭᠤᠯᠤᠭᠰᠠᠨ ᠭᠠᠵᠠᠷ ᠰᠢᠷᠤᠢ ᠳᠤ ᠦᠢᠯᠡᠴᠢᠯᠡᠵᠦ ᠪᠠᠶᠢᠭᠰᠠᠨ ᠠᠴᠠ ᠪᠠᠨ ᠤᠳᠤ ᠪᠣᠯᠬᠤ ᠳᠤ 5000 ᠮᠦ ᠳᠤ ᠬᠦᠷᠴᠠᠢ᠃ ︽ ᠮᠠᠨ ᠤ ᠠᠷᠠᠳ ᠭᠠᠵᠠᠷ ᠲᠠᠷᠢᠶ᠎ᠠ ᠶᠢᠨ ᠳᠠᠩᠰᠠ ᠶᠢ ᠬᠠᠮᠤᠭ ᠠᠴᠠ ᠲᠣᠳᠣᠷᠬᠠᠶ ᠪᠣᠳᠣᠳᠠᠭ᠂ ᠬᠤᠷᠰᠢᠶ᠎ᠠ ᠶᠢᠨ ᠬᠠᠩᠭᠠᠭᠰᠠᠨ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ ᠤᠨ ᠶᠠᠰᠤ ᠴᠢᠨᠠᠷ ᠰᠠᠶᠢᠨ ᠮᠥᠷᠳᠡᠭᠡᠨ ᠦᠨ᠎ᠡ ᠨᠢ ᠬᠢᠮᠳᠠ᠂ ᠬᠠᠳᠤᠵᠤ ᠬᠤᠷᠢᠶᠠᠬᠤ᠂ ᠭᠠᠵᠠᠷ ᠢ ᠤᠷᠪᠠᠭᠤᠯᠬᠤ᠂ ᠳᠠᠷᠢᠬᠤ ᠳᠤ ᠴᠥᠮ ᠨᠥᠬᠦᠪᠥᠷᠢ ᠶᠢᠨ ᠦᠨ᠎ᠡ ᠬᠠᠩᠰᠢ ᠲᠠᠢ᠂ ᠡᠮ ᠰᠥᠷᠴᠢᠬᠦ ᠳᠤ ᠴᠥᠮ ᠵᠢᠯᠣᠭᠤᠴᠢ ᠬᠡᠷᠡᠭᠰᠡᠬᠦ ᠦᠭᠡᠢ ᠨᠢᠰᠭᠡᠯ ᠢ ᠬᠡᠷᠡᠭᠯᠡᠨ᠎ᠡ ᠁ ᠡᠶᠢᠮᠦᠷᠬᠦᠦ ᠬᠡᠯᠬᠢᠶ᠎ᠡ ᠦᠢᠯᠡᠴᠢᠯᠡᠭᠡ ᠶᠢ ᠡᠭᠦᠳᠡᠨ ᠳᠤᠨᠢ ᠬᠦᠷᠭᠡᠵᠦ᠂ ᠨᠢᠭᠡ ᠵᠢᠯ ᠳᠤ 1 ᠮᠦ ᠲᠠᠷᠢᠶᠠᠨ ᠭᠠᠵᠠᠷ ᠤᠨ ᠣᠷᠤᠭᠤᠯᠤᠯᠲᠠ ᠶᠢ ᠨᠠᠭᠠᠳᠤ ᠵᠠᠬ᠎ᠠ ᠳᠠᠭᠠᠨ 50 ᠲᠥᠭᠦᠷᠢᠭ ᠣᠷᠴᠢᠮ ᠪᠠᠭᠤᠷᠠᠭᠤᠯᠥᠨ᠂ ᠲᠠᠷᠢᠶᠠᠨ ᠭᠠᠵᠠᠷ ᠤᠨ ᠮᠦ ᠨᠢᠭᠡᠴᠢ ᠶᠢᠨ ᠤᠨᠠᠯᠲᠠ ᠶᠢ ᠬᠠᠮᠤᠭ ᠤᠨ ᠪᠠᠭ᠎ᠠ ᠳᠠᠭᠠᠨ 15% ᠪᠠᠷ ᠳᠡᠭᠡᠭᠰᠢᠯᠡᠭᠦᠯᠵᠦ ᠂ ᠲᠠᠷᠢᠶᠠᠨ ᠭᠠᠵᠠᠷ ᠤᠨ ᠮᠦ ᠨᠢᠭᠡᠴᠢ ᠶᠢᠨ ᠣᠷᠣᠯᠭ᠎ᠠ ᠶᠢ ᠨᠠᠭᠠᠳᠤ ᠵᠠᠬ᠎ᠠ ᠳᠠᠭᠠᠨ 50 ᠠᠴᠠ 100 ᠲᠥᠭᠦᠷᠢᠭ ᠨᠡᠮᠡᠭᠳᠡᠭᠦᠯᠵᠦ ᠳᠡᠶᠢᠯᠦᠨ᠎ᠡ ︾ ᠭᠡᠵᠦ ᠦ᠋ ᠵᠢᠶᠠᠨ ᠬᠤᠸᠠ ᠲᠠᠨᠢᠯᠴᠠᠭᠤᠯᠤᠨ᠎ᠠ᠃      ᠵᠢᠯᠣᠭᠤᠴᠢ ᠭᠡᠷᠡᠭᠰᠡᠬᠦ ᠦᠭᠡᠢ ᠨᠢᠰᠭᠡᠯ ᠢᠶᠠᠷ ᠡᠮ ᠰᠦᠷᠴᠢᠬᠦ᠂ ᠬᠤᠷᠤᠬᠠᠢ ᠶᠢᠨ ᠪᠠᠶᠢᠳᠠᠯ ᠢ ᠪᠠᠶᠢᠴᠠᠭᠠᠨ ᠬᠡᠮᠵᠢᠬᠦ ᠮᠡᠷᠭᠡᠵᠢᠯ᠂ ᠮᠠᠰᠢᠨᠴᠢᠯᠠᠯᠲᠠ ᠪᠠᠷ ᠬᠠᠳᠤᠵᠤ ᠬᠤᠷᠢᠶᠠᠬᠤ ᠵᠡᠷᠭᠡ ᠬᠤᠷᠰᠢᠶ᠎ᠠ ᠶᠢᠨ ᠨᠢᠭᠡ ᠴᠤᠬᠴᠠᠵᠢᠭᠤᠯᠤᠬᠰᠠᠨ ᠠᠵᠢᠯᠯᠠᠭ᠎ᠠ ᠨᠢ ᠲᠠᠷᠢᠶᠠᠨ ᠭᠠᠵᠠᠷ ᠤᠨ ᠬᠠᠮᠢᠶᠠᠷᠤᠯᠲᠠ ᠶᠢ ᠰᠢᠰᠲ᠋ᠧᠮᠵᠢᠭᠦᠯᠵᠤ᠂ ᠬᠥᠳᠡᠯᠮᠦᠷ᠊ ᠬᠦᠴᠦᠨ ᠢ ᠴᠢᠯᠦᠭᠡᠯᠡᠭᠰᠡᠨ ᠢᠶᠠᠷ ᠪᠠᠷᠠᠬᠤ ᠦᠭᠡᠢ᠂ ᠪᠠᠰᠠ ᠵᠠᠷᠢᠮ ᠲᠠᠷᠢᠶᠠᠨ ᠭᠠᠵᠠᠷ ᠲᠤ ᠲᠠᠷᠢᠬᠤ ᠬᠥᠮᠦᠨ ᠦᠭᠡᠢ᠂ ᠲᠠᠷᠢᠬᠤ ᠴᠢᠳᠠᠯ ᠦᠭᠡᠢ ᠪᠠᠶᠢᠭᠰᠠᠨ ᠠᠰᠠᠭᠤᠳᠠᠯ ᠢ ᠰᠢᠢᠳᠪᠦᠷᠢᠯᠡᠵᠦ ᠂ ᠭᠠᠵᠠᠷ ᠰᠢᠷᠤᠢ ᠶᠢᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠪᠠ ᠃ ᠬᠦᠨᠳᠦ ᠨᠦᠰᠡᠷ ᠬᠦᠳᠡᠯᠮᠦᠷᠢ ᠠᠴᠠ ᠴᠢᠯᠦᠭᠡᠯᠡᠭᠳᠡᠵᠦ ᠭᠠᠷᠤᠭᠰᠠᠨ ᠲᠠᠷᠢᠶᠠᠴᠢᠳ ᠢ ᠬᠠᠷᠢᠨ ᠬᠤᠷᠰᠢᠶ᠎ᠠ ᠪᠠᠷ ᠳᠠᠮᠵᠢᠨ ︽ᠲᠠᠬᠢᠨ ᠣᠷᠣᠯᠭ᠎ᠠ ᠡᠭᠦᠳᠬᠦ︾ ᠶᠢ ᠪᠡᠶᠡᠯᠡᠭᠦᠯᠵᠦ ᠪᠣᠯᠬᠤ ᠪᠤᠯᠭᠠᠵᠠᠢ᠃ ᠡᠶᠢᠨ ᠬᠦ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠢᠭ᠎ᠠ ᠲᠠᠷᠢᠶᠠᠴᠢᠳ ᠤᠨ ᠬᠤᠶᠢᠰᠢᠲᠠ ᠶᠢᠨ ᠵᠣᠪᠠᠨᠢᠯ ᠢ ᠠᠷᠢᠯᠭᠠᠵᠤ᠂ ᠬᠥᠯᠥᠰᠥᠨ ᠠᠵᠢᠯ ᠬᠢᠬᠦ ᠪᠡ ᠲᠠᠷᠢᠶ᠎ᠠ ᠳᠠᠷᠢᠬᠤ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠶᠢ ᠪᠡᠶᠡᠯᠡᠭᠦᠯᠥᠭᠰᠡᠨ ᠪᠠᠶᠢᠨ᠎ᠠ ᠃      ᠶᠦᠩ ᠰᠢᠩ ᠳ᠋ᠢᠶᠠᠨᠽᠢ ᠲᠤᠰᠬᠤᠨ ᠤ ᠨᠠᠮ ᠤᠨ ᠡᠭᠦᠷ ᠤᠨ ᠱᠦᠵᠢ ᠯᠢᠦ ᠫᠢᠩ᠄ ︽ ᠮᠠᠨ ᠤ ᠲᠤᠰᠬᠤᠨ ᠤ 3000 ᠮᠦ ᠬᠦᠢᠬᠡᠨ ᠪᠤᠯᠠᠵᠤ ᠳᠤᠰᠤᠯᠭᠠᠨ ᠤᠰᠤᠯᠠᠬᠤ ᠲᠠᠷᠢᠶᠠᠨ ᠭᠠᠵᠠᠷ ᠨᠢ ᠴᠥᠮ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠮᠡᠷᠭᠡᠵᠢᠯ ᠢ ᠬᠡᠷᠡᠭᠯᠡᠨ᠂ ᠥᠷᠭᠡᠨ ᠤᠯᠠᠨ ᠲᠠᠷᠢᠶᠠᠴᠢᠳ ᠲᠤ ᠶᠡᠭᠡ ᠯᠡ ᠲᠦᠭᠦᠮ ᠥᠵᠡᠭᠦᠯᠵᠤ᠂ ᠲᠠᠷᠢᠶᠠᠴᠢᠨ ᠡᠷᠦᠭᠡ ᠶᠢᠨ ᠬᠦᠷᠢᠶᠡᠯᠡᠯ ᠢ ᠣᠯᠵᠤ ᠪᠤᠢ᠂ ᠳᠠᠷᠠᠭᠠᠴᠢ ᠶᠢᠨ ᠠᠯᠬᠤᠮ ᠳᠤ ᠪᠢᠳᠡ ᠡᠨᠡ ᠬᠦ ᠳᠠᠪᠠᠭᠤᠯᠢᠭ ᠢᠶᠠᠨ ᠭᠦᠢᠴᠡᠳ ᠠᠰᠢᠭᠯᠠᠨ ᠂ ᠭᠠᠵᠠᠷ ᠣᠷᠤᠨ ᠤ ᠪᠠᠶᠢᠳᠠᠯ ᠳᠠᠭᠠᠨ ᠲᠤᠬᠢᠷᠠᠭᠤᠯᠤᠨ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠤᠨ᠎ᠠ︾ ᠭᠡᠵᠤ ᠬᠡᠯᠡᠵᠤ ᠪᠠᠶᠢᠪᠠ ᠃      ᠤᠢᠢᠷ᠎ᠠ ᠶᠢᠨ ᠬᠡᠳᠦᠨ ᠵᠢᠯ ᠳᠤ ᠂ ᠶᠦᠩ ᠰᠢᠩ ᠳ᠋ᠢᠶᠠᠨᠽᠢ ᠲᠤᠰᠬᠤᠨ ᠤ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠬᠦ ᠬᠡᠯᠪᠡᠷᠢ ᠪᠠᠷ ᠲᠤᠰᠬᠤᠨ ᠤ ᠠᠷᠠᠳ ᠢ ᠳᠠᠭᠠᠭᠤᠯᠵᠤ ᠣᠷᠣᠯᠭ᠎ᠠ ᠶᠢ ᠨᠢ ᠨᠡᠮᠡᠭᠳᠡᠭᠦᠯᠦᠨ ᠂ ︽ᠨᠠᠮ ᠤᠨ ᠡᠭᠦᠷ ᠬᠠᠷᠢᠭᠤᠴᠠᠨ ᠴᠢᠷᠮᠠᠶᠢᠵᠤ ᠂ ᠨᠠᠮ ᠤᠨ ᠭᠡᠰᠢᠭᠦᠨ ᠦᠢᠯᠡᠳᠦᠯ ᠢᠶᠠᠨ ᠪᠠᠳᠠᠷᠡᠭᠤᠯᠤᠨ᠂ ᠤᠯᠠᠨ ᠲᠦᠮᠡᠨ ᠪᠣᠳᠠᠲᠤ ᠠᠰᠢᠭ ᠬᠦᠷᠲᠡᠬᠦ︾ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠤ᠂ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠪᠠᠲᠤ ᠪᠠᠬᠢ  ᠰᠠᠭᠤᠷᠢ ᠶᠢ ᠲᠠᠯᠪᠢᠨ ᠦᠭᠴᠦ ᠪᠠᠶᠢᠨ᠎ᠠ ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号