ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠦᠭᠵᠢᠭᠦᠯᠦᠯᠲᠡ ᠲᠥᠯᠦᠪᠵᠢᠭᠦᠯᠭᠡ ᠶᠢᠨ ᠭᠠᠵᠠᠷ ᠠᠯᠠᠱᠠ ᠠᠶᠢᠮᠠᠭ ᠲᠤ ᠬᠦᠷᠴᠦ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2022/7/25
      ᠪᠦᠬᠦ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠢ ᠡᠭᠦᠳᠦᠨ ᠪᠠᠶᠢᠭᠤᠯᠬᠤ ᠪᠠ ᠬᠠᠮᠢᠶᠠᠷᠬᠤ ᠶᠢ ᠵᠢᠷᠤᠮᠵᠢᠭᠤᠯᠵᠤ ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠣᠨᠣᠪᠴᠢᠲᠠᠶ ᠳᠤᠰᠬᠠᠬᠤ ᠶᠢᠨ ᠲᠦᠯᠦᠭᠡ ᠂ 7 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠦᠭᠵᠢᠭᠦᠯᠦᠯᠲᠡ ᠲᠥᠯᠦᠪᠵᠢᠭᠦᠯᠭᠡ ᠶᠢᠨ ᠭᠠᠵᠠᠷ ᠤᠨ ᠳᠡᠳ᠋ ᠳᠠᠷᠤᠭ᠎ᠠ ᠴᠧᠨ ᠪᠥᠸᠧ ᠨᠠᠷ ᠠᠯᠠᠱᠠ ᠠᠶᠢᠮᠠᠭ ᠲᠤ ᠬᠦᠷᠴᠦ ᠠᠯᠠᠱᠠ ᠪᠠᠷᠠᠭᠤᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠭᠰᠠᠨ ᠪᠠᠶᠢᠳᠠᠯ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠭᠰᠡᠨ ᠪᠥᠭᠡᠳ ᠪᠥᠬᠦ ᠠᠶᠢᠮᠠᠭ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠰᠢ ᠷᠦᠩ ᠪᠠᠷ᠎ᠠ ᠪᠣᠯᠪᠠ᠃
图片1.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠯᠠᠱᠠ ᠶᠢᠨ ᠠᠮᠢ ᠠᠬᠤᠢ ᠶᠢᠨ ᠠᠵᠤ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠪᠣᠰᠬᠠᠬᠤ ᠬᠦᠷᠢᠶᠡᠯᠡᠩ᠂ ᠠᠯᠠᠱᠠ ᠪᠠᠷᠠᠭᠤᠨ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠥᠪᠥᠷ ᠮᠣᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ᠂ ᠠᠯᠠᠱᠠ ᠪᠠᠷᠠᠭᠤᠨ ᠬᠤᠰᠢᠭᠤᠨ ᠤ ᠵᠢᠦ ᠺᠧ ᠱᠤ᠋ ᠲᠡᠮᠡᠭᠡᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠲᠡᠮᠡᠭᠡ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠣᠷᠣᠨ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠯᠠᠱᠠ ᠪᠠᠷᠠᠭᠤᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠦᠲᠦᠭᠡᠭᠳᠡᠬᠦᠨ ᠢ ᠡᠳ᠋ᠰᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠡᠪᠡᠰᠦ ᠪᠣᠷᠳᠤᠭ᠎ᠠ ᠳᠠᠷᠢᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠬᠥᠮᠥᠰ ᠲᠠᠢ ᠶᠠᠷᠢᠯᠴᠠᠨ ᠰᠣᠯᠢᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠯᠠᠱᠠ ᠪᠠᠷᠠᠭᠤᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠲᠥᠷᠥᠯ ᠵᠦᠢᠯ ᠤᠨ ᠦᠷ᠎ᠡ ᠪᠦᠲᠦᠮᠵᠢ ᠪᠠ ᠬᠠᠮᠢᠶ᠎ᠠ ᠪᠦᠬᠦᠢ ᠠᠵᠢᠯ ᠢ ᠨᠤᠲᠠᠯᠠᠵᠤ᠂ ᠠᠯᠠᠱᠠ ᠪᠠᠷᠠᠭᠤᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠤᠨ ᠬᠠᠷᠠᠯᠲᠠ ᠶᠢᠨ ᠪᠠᠶᠢᠷᠢ ᠲᠣᠭᠲᠠᠭᠠᠯᠲᠠ ᠨᠢ ᠣᠨᠣᠪᠴᠢᠲᠠᠶ ᠪᠠᠶᠢᠵᠤ᠂ ᠲᠥᠷᠥᠯ ᠵᠦᠢᠯ ᠤᠨ ᠪᠡᠯᠡ ᠮᠥᠩᠭᠦ ᠪᠠ ᠠᠵᠢᠯ ᠤᠨ ᠭᠤᠣᠯᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ ᠭᠡᠵᠦ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠂ ᠪᠣᠬᠢᠷᠳᠤᠯ ᠦᠭᠡᠢ ᠬᠥᠭᠵᠢᠯᠲᠡ ᠵᠢᠴᠢ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠯᠲᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠰᠢᠰᠲ᠋ᠧᠮ  ᠲᠠᠢ ᠵᠢᠯᠣᠭᠤᠳᠪᠠ ᠃ ᠠᠯᠠᠱᠠ ᠠᠶᠢᠮᠠᠭ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠲᠤᠪᠤᠶᠢᠯᠭᠠᠵᠦ ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ ᠂ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ ᠶᠡᠬᠡᠪᠡᠷ ᠨᠡᠶᠢᠳᠬᠡᠵᠦ ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠲᠣᠭᠲᠠᠭᠤᠨ ᠢ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
图片2.png
      ᠳᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠪᠠᠶᠢᠴᠠᠭᠠᠨ ᠰᠤᠳᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠬᠦᠴᠦᠲᠡᠢ ᠳᠠᠶᠢᠴᠢᠯᠠᠨ ᠳᠡᠭᠡᠭᠰᠢᠯᠡᠭᠦᠯᠦᠨ᠎ᠡ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号