ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣ ᠶᠢ ᠪᠠᠲᠤᠯᠠᠵᠤ ᠪᠣᠶ
ᠨᠡᠶᠢᠲᠡᠯᠡᠭᠰᠡᠨ ᠴᠠᠭ᠄
2022/7/25
      2022 ᠣᠨ ᠤ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠦᠴᠦᠲᠡᠢ ᠳᠡᠮᠵᠢᠨ ᠂ ᠬᠥᠳᠡᠭᠡ ᠲᠣᠰᠬᠤᠨ ᠤ ᠬᠦᠭᠵᠢᠨ ᠮᠠᠨᠳᠤᠯᠳᠠ ᠪᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠶᠢᠨ ᠲᠦᠯᠦᠭᠡ ᠂ 5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤ ᠲᠢᠩᠬᠢᠮ ᠠᠴᠠ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ  ᠳᠠᠬᠢ ᠪᠣᠷᠤᠯᠠᠭᠤᠯᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠲᠠᠢ ᠬᠠᠮᠲᠤᠷᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠪᠠᠲᠤᠯᠠᠭ᠎ᠠ ᠶᠢᠨ ᠠᠵᠢᠯ ᠤᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠤᠪᠴᠢᠯᠠᠨ᠎ᠠ︶ ᠢ ᠳᠠᠷᠤᠮᠠᠯᠯᠠᠨᠲᠠᠷᠬᠠᠭᠠᠵᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ ᠤᠷᠢᠳᠠᠪᠠᠷ᠂ ᠬᠠᠷᠠᠭᠠᠯᠵᠠᠯ ᠲᠠᠢ᠂ ᠴᠢᠨᠠᠷ ᠰᠠᠶᠢᠲᠠᠢ ᠲᠣᠰᠣ ᠬᠠᠩᠭᠠᠬᠤ ᠵᠡᠷᠭᠡ ᠦᠢᠯᠡᠴᠢᠯᠡᠭᠡ ᠬᠠᠩᠭᠠᠵᠤ᠂ ᠵᠠᠩᠭᠢᠯᠠᠭ᠎ᠠ ᠶᠢᠨ ᠲᠠᠷᠢᠶᠠᠯᠠᠩ ᠤᠨ ᠴᠠᠭ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ  ᠪᠠᠳᠤᠯᠠᠵᠤ ᠪᠠᠶᠢᠨ᠎ᠠ ᠃      ︽ᠮᠡᠳᠡᠭᠳᠡᠯ︾ ᠳᠤ᠂ 2022 ᠣᠨ ᠤ 6 ᠳ᠋ᠣᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ᠂ ᠬᠠᠤᠯᠢ ᠶᠣᠰᠣᠨ ᠤ ᠬᠦᠴᠦᠨ ᠪᠦᠬᠦᠢ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ ᠤ ᠠᠶᠠᠯᠠᠨ ᠶᠠᠪᠤᠬᠤ ᠦᠨᠡᠮᠯᠡᠯ ᠪᠣᠯᠣᠨ ᠵᠢᠯᠣᠭᠤᠴᠢ ᠶᠢᠨ ᠦᠨᠡᠮᠯᠡᠯ ᠵᠢᠴᠢ ᠣᠷᠣᠨ ᠠᠯᠤᠰᠯᠠᠨ ᠠᠵᠢᠯᠯᠠᠬᠤ ᠦᠨᠡᠮᠯᠡᠯ ᠵᠡᠷᠭᠡ ᠭᠡᠷᠡᠴᠢ ᠪᠠᠷᠢᠮᠲᠠ ᠲᠠᠢ ᠲᠠᠷᠢᠶᠠᠯᠠᠩ ᠤᠨ ᠮᠠᠰᠢᠨᠴᠢᠨ ᠳᠤ ᠲᠤᠬᠠᠢ ᠶᠢᠨ ᠭᠠᠵᠠᠷ ᠤᠨ ᠵᠢᠵᠢᠭᠯᠡᠨ ᠬᠤᠳᠠᠯᠳᠤᠬᠤ ᠦᠨ᠎ᠡ ᠶᠢᠨ 3% ᠠᠴᠠ ᠳᠣᠣᠷ᠎ᠠ ᠦᠭᠡᠢ ᠴᠠᠶᠢᠶ᠋ᠢᠦ ᠲᠣᠰᠣᠨ ᠤ ᠬᠠᠷᠠᠭᠠᠯᠵᠠᠯ ᠦᠵᠡᠭᠦᠯᠬᠦ ᠬᠡᠷᠡᠭᠲᠡᠢ ᠭᠡᠵᠦ ᠲᠤᠳᠤᠷᠬᠠᠶᠢᠯᠠᠵᠠᠢ ᠃      ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠨ ᠪᠠᠶᠢᠳᠠᠯ ᠳᠤ ᠪᠠᠨ ᠲᠣᠬᠢᠷᠠᠭᠤᠯᠤᠨ ᠲᠠᠷᠢᠶᠠᠯᠠᠩ ᠤᠨ ᠴᠠᠭ ᠤᠨ ᠴᠢᠬᠤᠯᠠ ᠬᠡᠷᠡᠭᠯᠡᠭᠡᠨ ᠤ ᠲᠣᠰᠣᠨ ᠤ ᠬᠠᠩᠭᠠᠯᠭ᠎ᠠ ᠶᠢ ᠪᠠᠲᠤᠯᠠᠬᠤ ᠲᠥᠰᠥᠯ ᠲᠣᠭᠲᠠᠭᠠᠬᠤ ᠪᠠ ᠲᠣᠰᠣᠨ ᠤ ᠵᠦᠢᠯ ᠤᠨ ᠡᠬᠢ ᠪᠠᠶᠠᠯᠢᠭ ᠢ ᠲᠣᠬᠢᠷᠠᠭᠤᠯᠵᠤ᠂ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠬᠠᠩᠭᠠᠯᠭ᠎ᠠ ᠶᠢ ᠤᠷᠢᠳᠠᠪᠠᠷ ᠪᠠᠲᠤᠯᠠᠬᠤ ᠶᠢᠨ ᠬᠠᠮᠲᠤ ᠴᠢᠨᠠᠷ ᠰᠠᠶᠢᠲᠠᠢ ᠲᠠᠷᠢᠶᠠᠯᠠᠩ ᠤᠨ ᠮᠠᠰᠢᠨ ᠤ ᠭᠤᠯᠭᠤᠭᠤᠷ ᠲᠣᠰᠣᠨ ᠤ ᠬᠠᠩᠭᠠᠯᠭ᠎ᠠ ᠪᠠ ᠬᠡᠷᠡᠭᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠᠴᠢᠮ ᠪᠠᠶᠢᠬᠤ ᠦᠶ᠎ᠡ ᠳᠤ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣ ᠶᠢ ᠤᠷᠢᠳᠠᠪᠠᠷ ᠭᠦᠢᠴᠡᠳ ᠪᠠᠲᠤᠯᠠᠵᠤ᠂ ᠵᠠᠩᠭᠢᠯᠠᠭ᠎ᠠ ᠶᠢᠨ ᠲᠠᠷᠢᠶᠠᠯᠠᠩ ᠤᠨ ᠴᠠᠭ ᠲᠤ ᠲᠣᠰᠣ ᠨᠡᠮᠡᠬᠦ ᠥᠷᠲᠡᠭᠡᠨ ᠳᠤ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠤᠷᠢᠳᠠᠪᠠᠷ ᠲᠣᠰᠣ ᠨᠡᠮᠡᠬᠦ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠫᠠᠶᠢᠰᠠ ᠦᠨᠡᠮᠯᠡᠯ ᠤᠨ ᠮᠡᠳᠡᠭᠡ ᠵᠠᠩᠭᠢ ᠵᠢᠴᠢ ᠪᠠᠶᠢᠴᠠᠭᠠᠨ ᠯᠠᠪᠯᠠᠬᠤ ᠦᠢᠯᠡᠴᠢᠯᠡᠭᠡᠨ ᠤ ᠳᠡᠮᠵᠢᠯᠭᠡ ᠬᠠᠩᠭᠠᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠳᠠᠬᠢ ᠪᠣᠷᠤᠯᠠᠭᠤᠯᠭ᠎ᠠ ᠶᠢᠨ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ᠬᠠᠷᠢᠶ᠎ᠠ ᠡᠯ᠎ᠡ ᠨᠢᠭᠡᠴᠢ ᠳᠤ ᠲᠤᠰᠬᠠᠢ ᠬᠠᠷᠢᠶᠠᠨ ᠤ ᠬᠠᠷᠠᠭᠠᠯᠵᠠᠯ ᠲᠠᠢ ᠲᠣᠰᠣ ᠨᠡᠮᠡᠬᠦ ᠺᠠᠷᠲ ᠪᠤᠶᠤ ᠬᠤᠪᠢ ᠬᠥᠮᠥᠨ ᠤ ᠡᠯᠧᠺᠲᠷᠣᠨ ᠺᠠᠷᠲ ᠢ ᠳᠡᠯᠭᠡᠷᠡᠭᠦᠯᠵᠦ᠂ ᠬᠠᠷᠢᠶ᠎ᠠ ᠭᠠᠵᠠᠷ ᠤᠨ ᠲᠣᠰᠣ ᠨᠡᠮᠡᠬᠦ ᠥᠷᠲᠡᠭᠡ ᠶᠢᠨ ᠡᠵᠡᠩᠨᠡᠨ ᠪᠣᠷᠣᠯᠠᠭᠤᠯᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠲᠠᠷᠢᠶᠠᠯᠠᠩ ᠤᠨ ᠮᠠᠰᠢᠨ ᠤ ᠭᠠᠷ ᠺᠠᠷᠲ ᠢᠶᠠᠷ ᠲᠣᠰᠣ ᠨᠡᠮᠡᠬᠦ ᠥᠷᠲᠡᠭᠡ ᠶᠢᠨ ᠬᠡᠷᠡᠭᠯᠡᠭᠡᠨ ᠳᠤ ᠲᠣᠰᠣᠨ ᠤ ᠵᠦᠢᠯ ᠤᠨ ᠬᠠᠷᠠᠭᠠᠯᠵᠠᠯ ᠪᠤᠶᠤ ᠬᠤᠪᠢ ᠬᠤᠷᠠᠮᠳᠤᠭᠤᠯᠤᠨ ᠰᠣᠯᠢᠵᠤ ᠲᠤᠯᠭᠠᠨ ᠬᠠᠰᠤᠬᠤ ᠲᠡᠮᠳᠡᠭᠲᠦ ᠬᠦᠷᠭᠡᠬᠦ᠂ ᠵᠢᠴᠢ ᠲᠣᠰᠣ ᠨᠡᠮᠡᠬᠦ ᠥᠷᠲᠡᠭᠡ ᠶᠢᠨ ᠲᠥᠬᠦᠮ ᠳᠡᠯᠭᠡᠭᠦᠷ ᠲᠤ ᠪᠠᠷᠠᠭ᠎ᠠ ᠬᠤᠳᠠᠯᠳᠤᠨ ᠠᠪᠬᠤ ᠬᠠᠷᠠᠭᠠᠯᠵᠠᠯ ᠬᠦᠷᠲᠡᠭᠡᠬᠦ ᠭᠡᠷᠡᠭᠲᠡᠢ ᠭᠡᠵᠡᠢ ᠃      ︽ᠮᠡᠳᠡᠭᠳᠡᠯ︾ ᠳᠤ ᠱᠠᠭᠠᠷᠳᠠᠭᠰᠠᠨ ᠨᠢ᠂ ᠲᠠᠷᠢᠶᠠᠯᠠᠩ ᠤᠨ ᠶᠠᠭᠠᠷᠠᠤ ᠴᠠᠭ ᠲᠤ ᠂ ᠬᠡᠷᠡᠭᠯᠡᠬᠦ ᠬᠡᠮᠵᠢᠶ᠎ᠡ ᠲᠥᠪᠯᠡᠷᠡᠭᠰᠡᠨ ᠴᠠᠭ ᠪᠠ ᠣᠷᠣᠨ ᠪᠦᠰᠡ ᠳᠤ᠂ ᠲᠣᠰᠣ ᠬᠠᠩᠭᠠᠬᠤ ᠲᠣᠣᠷ ᠴᠡᠭ ᠨᠢ ᠲᠣᠰᠣ  ᠶᠢ ᠲᠠᠷᠢᠶᠠᠨ ᠭᠠᠵᠠᠷ ᠲᠤ ᠬᠦᠷᠭᠡᠬᠦ ᠦᠢᠯᠡᠴᠢᠯᠡᠭᠡ ᠬᠠᠩᠭᠠᠵᠤ᠂ ᠲᠠᠷᠢᠶᠠᠯᠠᠩ ᠤᠨ ᠮᠠᠰᠢᠨᠴᠢᠨ ᠤ ᠲᠣᠰᠣ ᠨᠡᠮᠡᠬᠦ ᠨᠢ  ᠦᠷᠡᠯᠦᠭᠡ  ᠦᠳᠡᠰᠢ ᠨᠡᠯᠢᠶᠡᠳ  ᠲᠦᠪᠯᠡᠷᠡᠩᠭᠦᠢ ᠪᠠᠶᠢᠳᠠᠭ ᠣᠨᠴᠠᠯᠢᠭ ᠲᠤ ᠴᠢᠭᠯᠡᠭᠦᠯᠦᠨ᠂ ᠲᠣᠰᠣ ᠨᠡᠮᠡᠬᠦ ᠥᠷᠲᠡᠭᠡ ᠶᠢᠨ ᠪᠠᠷᠠᠭ᠎ᠠ ᠣᠷᠣᠭᠤᠯᠬᠤ ᠪᠠ ᠡᠵᠡᠩᠨᠡᠬᠦ ᠴᠠᠭ ᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠥᠷᠲᠡᠭᠡ ᠴᠡᠭ ᠢ ᠦᠷᠯᠦᠭᠡ ᠦᠳᠡᠰᠢ ᠦᠭᠡᠢ ᠬᠡᠪ ᠤᠨ ᠪᠠᠶᠢᠳᠠᠯ ᠢᠶᠠᠷ ᠬᠠᠩᠭᠠᠬᠤ ᠶᠢ ᠦᠨᠡᠨ ᠬᠦ ᠪᠠᠲᠤᠯᠠᠵᠤ᠂ ︽ᠵᠢᠵᠢᠭ᠂ ᠲᠠᠷᠠᠬᠠᠢ᠂ ᠵᠠᠷᠢᠮᠳᠤᠭ︾ ᠭᠠᠵᠠᠷ ᠤᠨ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠲᠣᠰᠣ ᠬᠠᠩᠭᠠᠬᠤ ᠦᠢᠯᠡᠴᠢᠯᠡᠭᠡ ᠶᠢ ᠴᠢᠩᠭᠠᠳᠬᠠᠨ᠂ ᠨᠡᠶᠢᠭᠡᠮ ᠳᠤ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠦᠢᠯᠡᠴᠢᠯᠡᠭᠡ ᠳᠤ ᠬᠢᠨᠠᠯᠲᠠ ᠲᠠᠯᠪᠢᠬᠤ ᠳ᠋ᠢᠶᠠᠩᠬᠤᠸᠠ ᠶᠢ ᠨᠡᠶᠢᠲᠡᠯᠡᠵᠦ᠂ ᠲᠠᠷᠢᠶᠠᠯᠠᠩ ᠤᠨ ᠮᠠᠰᠢᠨᠴᠢᠨ ᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤ  ᠨᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠣᠰ ᠭᠠᠵᠠᠷ ᠤᠨ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ᠥᠷᠲᠡᠭᠡ ᠶᠢᠨ ᠣᠷᠣᠨ ᠪᠠᠶᠢᠷᠢ ᠪᠠ ᠦᠢᠯᠡᠴᠢᠯᠡᠭᠡᠨ ᠤ ᠮᠡᠳᠡᠭᠡ ᠵᠠᠩᠭᠢ ᠶᠢ ᠮᠠᠰᠢᠨᠴᠢᠨ ᠳᠤ ᠴᠠᠭ ᠲᠤᠬᠠᠢ ᠳᠤ  ᠨᠢ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠲᠣᠰᠣ ᠬᠦᠷᠭᠡᠬᠦ ᠶᠢ ᠬᠥᠳᠡᠭᠡ ᠪᠠᠭᠤᠯᠭᠠᠬᠤ ᠶᠢ ᠳᠡᠮᠵᠢᠵᠦ᠂ ᠬᠠᠩᠭᠠᠯᠭ᠎ᠠ ᠬᠡᠷᠡᠭᠴᠡᠭᠡ ᠶᠢᠨ ᠭᠤᠣᠯ ᠴᠣᠭᠴᠠ ᠶᠢ ᠵᠣᠯᠭᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ ᠃      ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣ ᠶᠢ ᠪᠠᠲᠤᠯᠠᠬᠤ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠲᠠᠷᠢᠶᠠᠴᠢᠳ ᠲᠤ ᠠᠰᠢᠭ ᠬᠦᠷᠲᠡᠭᠡᠬᠦ ᠴᠢᠬᠤᠯᠠ ᠠᠷᠭ᠎ᠠ ᠪᠣᠳᠣᠯᠭ᠎ᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ  ᠳᠠᠬᠢ ᠪᠣᠷᠤᠯᠠᠭᠤᠯᠭ᠎ᠠ ᠶᠢᠨ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠤᠮᠫᠠᠨᠢ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠨᠡᠮᠡᠭᠳᠡᠭᠦᠯᠵᠦ᠂ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠶᠢ ᠥᠷᠨᠢᠭᠦᠯᠦᠨ᠂ ᠲᠠᠷᠢᠶᠠᠯᠠᠩ ᠤᠨ ᠴᠠᠭ ᠤᠨ ᠴᠢᠬᠤᠯᠠ ᠬᠡᠷᠡᠭᠯᠡᠬᠦ ᠲᠣᠰᠣᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠳᠤ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠠᠵᠢᠯ ᠢ ᠲᠦᠯᠬᠢᠨ ᠠᠬᠢᠭᠤᠯᠬᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤ  ᠨᠢ ᠰᠤᠳᠤᠯᠤᠨ ᠰᠢᠢᠳᠪᠦᠷᠢᠯᠡᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠮᠠᠨ ᠤ ᠣᠷᠣᠨ ᠤ ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠬᠡᠷᠡᠭᠯᠡᠬᠦ ᠲᠣᠰᠣᠨ ᠤ ᠪᠠᠲᠤᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ  ᠪᠠᠶᠢᠭᠤᠯᠬᠤ ᠪᠤᠯᠤᠨ᠎ᠠ ᠃  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号