ᠲᠠᠬᠡᠷ᠎ᠠ ᠬᠠᠭᠠᠰ ᠵᠢᠯ ᠳᠤ ᠮᠠᠨ ᠤ ᠤᠷᠤᠨ ᠤ ᠠᠵᠤ ᠠᠬᠤᠢ ᠶᠢᠨ ᠡᠷᠬᠢᠯᠳᠡ ᠲᠤᠭᠳᠠᠭᠤᠨ ᠪᠠᠶᠢᠳᠠᠯ ᠢ ᠪᠠᠳᠤᠯᠠᠪᠠ
ᠨᠡᠶᠢᠲᠡᠯᠡᠭᠰᠡᠨ ᠴᠠᠭ᠄
2022/7/25
      ᠨᠠᠶᠢᠷᠠᠭᠤᠯᠤᠭᠴᠢ ᠶᠢᠨ ᠦᠬᠡ᠄ ᠡᠨᠡ ᠵᠢᠯ ᠠᠴᠠ ᠨᠠᠭᠠᠰᠢ᠂ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠲᠤᠬᠠᠢ ᠴᠢᠬᠤᠯᠠ ᠶᠡᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢ ᠦᠨᠳᠤᠷ ᠪᠦᠳᠦᠮᠵᠢᠳᠠᠢ ᠪᠠᠷ ᠨᠢᠬᠡᠳᠤᠯᠳᠠᠢ ᠲᠦᠯᠦᠪᠵᠢᠬᠦᠯᠵᠤ᠂ ᠠᠵᠤ ᠠᠬᠤᠢ ᠶᠢ ᠲᠤᠭᠳᠠᠭᠤᠨ ᠪᠠᠶᠢᠯᠭᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠨᠦᠭᠦᠳ ᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠠ ᠪᠦᠳᠤᠮᠵᠢ ᠭᠠᠷᠭᠠᠬᠤ ᠶᠢ ᠯᠠᠪᠳᠠᠭᠤᠨ ᠪᠠᠳᠤᠳᠠᠢ ᠠᠬᠢᠭᠤᠯᠤᠭᠰᠠᠨ ᠠᠴᠠ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠶᠡᠷᠤᠩᠬᠡᠢ ᠳᠡᠭᠡᠨ ᠲᠤᠭᠳᠠᠭᠤᠨ ᠪᠠᠶᠢᠳᠠᠯ ᠢ ᠪᠠᠳᠤᠯᠠᠪᠠ᠃      ᠲᠠᠬᠡᠷ᠎ᠠ ᠬᠠᠭᠠᠰ ᠵᠢᠯ ᠳᠤ᠂ ᠮᠠᠨ ᠤ ᠤᠷᠤᠨ ᠤ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ 10465 ᠳ᠋ᠦᠩᠰᠢᠭᠤᠷ ᠲᠦᠬᠦᠷᠢᠭ ᠲᠤ ᠬᠦᠷᠴᠦ᠂ ᠦᠯᠦ ᠬᠤᠪᠢᠷᠠᠬᠤ ᠦᠨ᠎ᠠ ᠪᠠᠷ ᠪᠤᠳᠤᠪᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠤ᠂ ᠠᠵᠤ ᠠᠬᠤᠢ ᠶᠢᠨ ᠡᠷᠬᠢᠯᠳᠡ ᠳᠤ ᠮᠠᠰᠢ ᠤᠯᠠᠨ ᠰᠢᠨ᠎ᠠ ᠬᠢᠯᠡᠰ ᠴᠡᠭ ᠢᠯᠡᠷᠡᠭᠰᠡᠨ ᠪᠠᠶᠢᠨ᠎ᠠ ᠃      ᠦᠨᠢᠶᠡᠨ ᠰᠦ ᠶᠢᠨ ᠭᠠᠷᠤᠯᠲᠠ 248 ᠲᠦᠮᠡᠨ ᠲᠣᠨ ᠳᠤ ᠬᠦᠷᠴᠠᠢ      ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠠᠬᠡᠷ᠎ᠠ ᠬᠠᠭᠠᠰ ᠵᠢᠯ ᠳᠤ ᠮᠠᠨ ᠤ ᠤᠷᠤᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠳᠠᠭᠤᠨ ᠪᠠᠶᠢᠳᠠᠯ ᠢ ᠪᠠᠲᠤᠯᠠᠨ ᠦᠨᠢᠶᠡᠨ ᠰᠦ ᠶᠢᠨ ᠭᠠᠷᠤᠯᠲᠠ 248 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠬᠡᠳ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠨᠢᠬᠡ ᠶᠡᠭᠡ ᠬᠢᠯᠡᠰ ᠴᠡᠭ ᠪᠤᠯᠵᠠᠢ᠃      ᠬᠤᠷᠢᠨᠬᠡᠷ ᠰᠢᠶᠠᠨ ᠪᠤᠯ ᠮᠠᠨ ᠤ ᠤᠷᠤᠨ ᠤ ᠰᠦ ᠶᠢᠨ ᠦᠢᠯᠡᠰ ᠤᠨ ᠬᠦᠭᠵᠢᠯᠳᠡ ᠶᠢᠨ ᠨᠢᠬᠡᠨ ᠲᠦᠯᠦᠬᠡᠯᠡᠭᠴᠢ ᠴᠢᠨᠠᠷᠳᠠᠢ ᠭᠠᠵᠠᠷ ᠪᠤᠯᠤᠨ᠎ᠠ᠃ ᠡᠨᠡ ᠵᠢᠯ ᠲᠤᠰ ᠰᠢᠶᠠᠨ ︽ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾᠂ ︽2022 ᠣᠨ ᠤ ᠰᠢᠨ᠎ᠡ ᠰᠤᠷᠭᠤᠭ ᠲᠦᠭᠦᠬᠡᠶ ᠰᠦ ᠬᠤᠳᠠᠯᠳᠤᠨ ᠠᠪᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠬᠡᠷᠡᠭᠵᠢᠭᠦᠯᠬᠦ ᠲᠥᠰᠦᠯ︾ ᠵᠢᠴᠢ ᠢᠵᠢ ᠲᠥᠬᠦᠷᠵᠢᠭᠦᠯᠬᠦ ᠨᠥᠬᠦᠪᠥᠷᠢ ᠶᠢᠨ ᠨᠠᠷᠢᠨ ᠲᠦᠷᠢᠮ ᠢ ᠲᠤᠬᠲᠠᠭᠠᠨ ᠬᠡᠷᠡᠭᠵᠢᠬᠦᠯᠵᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠭᠦᠢᠴᠡᠳ ᠣᠯᠭᠤᠨ ᠲᠠᠭᠠᠭᠤᠯᠤᠬᠴᠢ ᠠᠵᠤ ᠠᠬᠤᠶᠢᠯᠠᠯ ᠤᠨ ᠬᠦᠭᠵᠢᠯᠳᠡ ᠶᠢ ᠠᠬᠢᠭᠤᠯᠪᠠ᠃ ᠤᠳᠤ ᠬᠤᠷᠢᠨᠬᠡᠷ ᠰᠢᠶᠠᠨ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ 31 ᠪᠠᠶᠢᠭᠤᠯᠵᠤ ᠂ ᠰᠠᠭᠠᠯᠢ ᠶᠢᠨ ᠦᠨᠢᠶᠡᠨ ᠤ ᠲᠤᠭ᠎ᠠ 8 ᠲᠦᠮᠡ ᠳᠤ ᠬᠦᠷᠴᠠᠢ᠃ ᠲᠡᠷᠡ ᠮᠦᠷᠳᠡᠬᠡᠨ ᠰᠢᠨ᠎ᠡ ᠪᠠᠷ ᠪᠦᠳᠦᠬᠡᠨ ᠪᠠᠶᠢᠭᠤᠯᠵᠤ ᠪᠠᠶᠢᠭ᠎ᠠ ᠪᠠ ᠦᠷᠬᠦᠯᠵᠢᠯᠡᠨ ᠪᠦᠳᠦᠬᠡᠨ ᠪᠠᠶᠢᠭᠤᠯᠵᠤ ᠪᠠᠶᠢᠭ᠎ᠠ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ 7 ᠪᠠᠶᠢᠵᠤ ᠂ ᠪᠦᠬᠦᠨ ᠢ ᠪᠠᠶᠢᠭᠤᠯᠵᠤ ᠳᠠᠭᠤᠰᠬᠠᠬᠰᠠᠨ ᠤ ᠳᠠᠷᠠᠭ᠎ᠠ ᠰᠠᠭᠠᠯᠢ ᠶᠢᠨ ᠦᠨᠢᠶᠡᠨ ᠤ ᠲᠤᠭ᠎ᠠ 12 ᠲᠦᠮᠡ ᠳᠤ ᠬᠦᠷᠴᠦ᠂ ᠦᠨᠢᠶᠡᠨ ᠰᠦ ᠶᠢᠨ ᠭᠠᠷᠤᠯᠳᠠ ᠶᠡᠬᠡᠬᠡᠨ ᠨᠡᠮᠡᠭᠳᠡᠬᠦ ᠪᠤᠯᠤᠨ᠎ᠠ᠃       ᠣᠶᠢᠯᠠᠭᠠᠭᠰᠠᠨ ᠢᠶᠠᠷ᠂ ᠲᠠᠬᠡᠷ᠎ᠠ ᠬᠠᠭᠠᠰ ᠵᠢᠯ ᠳᠤ ᠮᠠᠨ ᠤ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠶ ᠵᠢᠭᠠᠰᠤᠨ ᠤ ᠦᠢᠯᠡᠰ ᠤᠨ ᠦᠢᠯᠡᠳᠭᠦᠨ ᠤ ᠪᠥᠬᠦ ᠥᠷᠲᠡᠭ 703.4 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ4.3% ᠪᠠᠷ ᠨᠡᠮᠡᠭᠳᠡᠪᠡ ᠃ ᠡᠬᠦᠨ ᠳᠤ᠂ ᠦᠬᠡᠷ ᠤᠨ ᠲᠤᠭ᠎ᠠ 803.1 ᠲᠦᠮᠡ ᠳᠤ ᠬᠦᠷᠴᠦ 12.1% ᠪᠠᠷ ᠨᠡᠮᠡᠭᠳᠡᠵᠦ ᠂ ᠪᠤᠭ ᠮᠠᠯ ᠤᠨ ᠲᠤᠭ᠎ᠠ 6539.2 ᠲᠦᠮᠡ ᠪᠠᠶᠢᠵᠤ 3.3% ᠪᠠᠷ ᠪᠠᠭᠤᠷᠠᠪᠠ︔ ᠦᠬᠡᠷ ᠬᠤᠨᠢ ᠵᠢᠴᠢ ᠭᠠᠭ᠋ᠠᠢ ᠵᠢᠭᠦᠷᠲᠡᠨ ᠳᠥᠷᠪᠡᠨ ᠵᠦᠢᠯ ᠤᠨ ᠮᠢᠬᠠᠨ ᠤ ᠭᠠᠷᠤᠯᠲᠠ 92.2 ᠲᠦᠮᠡᠨ ᠲᠣᠨ ᠪᠠᠶᠢᠵᠤ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.8% ᠪᠠᠷ ᠪᠠᠭᠤᠷᠠᠪᠠ︔ ᠵᠢᠭᠦᠷᠲᠡᠨ ᠤ ᠥᠨᠳᠡᠭᠡ ᠶᠢᠨ ᠭᠠᠷᠤᠯᠲᠠ 29.6 ᠲᠦᠮᠡᠨ ᠲᠣᠨ ᠳᠤ ᠬᠦᠷᠴᠦ 1% ᠪᠠᠷ ᠨᠡᠮᠡᠭᠳᠡᠭᠰᠡᠨ ᠪᠠᠶᠢᠨ᠎ᠠ ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号